ᠥᠪᠥᠷ ᠮᠣᠩᠭᠤᠯ ᠤᠨ ᠬᠤᠸᠠ ᠳ᠋ᠢᠶᠠᠨ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭᠵᠢᠭᠦᠯᠦᠭᠰᠡᠨ ᠠᠵᠤ ᠦᠢᠯᠡᠳᠪᠦᠷᠢ ᠶᠢᠨ ᠪᠠᠶᠢᠭᠠᠯᠢ ᠶᠢᠨ ᠰᠢᠲᠠᠮᠠᠬᠠᠶ | ᠬᠡᠢ ᠶᠢ ᠬᠤᠯᠢᠵᠤ ᠰᠢᠲᠠᠭᠠᠭᠰᠠᠨ ᠪᠤᠬᠢᠷᠳᠤᠯ ᠦᠭᠡᠢ ᠤᠰᠤᠲᠥ᠋ᠷᠥᠭᠴᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ | ᠪᠠᠶᠢᠭᠠᠯᠢ ᠶᠢᠨ ᠰᠢᠲᠠᠮᠠᠬᠠᠶ ᠬᠡᠢ ᠶᠢ ᠬᠤᠯᠢᠵᠤ ᠰᠢᠲᠠᠭᠠᠭᠰᠠᠨ ᠪᠤᠬᠢᠷᠳᠤᠯ ᠦᠭᠡᠢ ᠤᠰᠤᠲᠥ᠋ᠷᠥᠭᠴᠢ ᠶᠢᠨ | ᠭᠠᠳᠠᠭᠰᠢᠯᠠᠭᠤᠯᠤᠭᠰᠠᠨ ᠪᠣᠳᠠᠰ ᠢ 20% ᠠᠴᠠ ᠳᠡᠭᠡᠭᠰᠢ ᠪᠠᠭᠤᠷᠠᠭᠤᠯᠪᠠ︕ ᠡᠨᠡ ᠬᠦ ᠰᠢᠪᠲᠤᠯᠤᠯᠲᠠ ᠶᠢᠨ | ᠴᠢᠨᠠᠷᠲᠠᠶ ᠦᠷ᠎ᠡ ᠪᠦᠲᠦᠭᠡᠯ ᠨᠢ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠤᠰᠤᠲᠥ᠋ᠷᠥᠭᠴᠢ ᠶᠢᠨ ︽ | ᠦᠢᠯᠡᠳᠴᠦ ᠬᠠᠳᠠᠭᠠᠯᠠᠵᠤ ᠳᠠᠮᠵᠢᠭᠤᠯᠤᠨ ᠬᠡᠷᠡᠭᠯᠡᠬᠦ︾ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠳᠤ | ᠪᠦᠲᠦᠮᠵᠢᠲᠡᠶ ᠬᠦᠴᠦᠨ ᠨᠡᠮᠡᠷᠢᠯᠡᠭᠰᠡᠨ ᠢᠶᠠᠷ ᠪᠠᠷᠠᠬᠤ ᠥᠬᠡᠶ᠂ ᠡᠬᠦᠨ ᠤ ᠬᠠᠮᠳᠤ ᠪᠠᠰᠠ ᠪᠤᠭᠤᠲᠤ ᠬᠤᠲᠠ ᠶᠢᠨ | ᠨᠡᠭᠦᠷᠡᠰᠦᠲᠥ᠋ᠷᠥᠭᠴᠢ ᠦᠬᠡᠢ ᠡᠨᠧᠷᠭᠢ ᠶᠢᠨ ᠬᠡᠯᠪᠡᠷᠢ ᠪᠠᠨ ᠬᠤᠪᠢᠷᠠᠭᠤᠯᠬᠤ ᠳᠤ ᠬᠦᠴᠦᠷᠬᠡᠭ ᠶᠡᠭᠡ ᠬᠥᠳᠡᠯᠭᠡᠬᠦ | ᠬᠦᠴᠦᠨ ᠨᠡᠮᠡᠷᠢᠯᠡᠭᠰᠡᠨ ᠪᠠᠶᠢᠨ᠎ᠠ᠃ | ᠬᠤᠸᠠ ᠳ᠋ᠢᠶᠠᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠳᠪᠦᠷᠢ ᠶᠢᠨ ᠪᠠᠶᠢᠭᠠᠯᠢ ᠶᠢᠨ ᠰᠢᠲᠠᠮᠠᠬᠠᠶ ᠬᠡᠢ ᠶᠢ | ᠬᠤᠯᠢᠵᠤ ᠰᠢᠲᠠᠭᠠᠭᠰᠠᠨ ᠪᠤᠬᠢᠷᠳᠤᠯ ᠦᠬᠡᠢ ᠤᠰᠤᠲᠥ᠋ᠷᠥᠭᠴᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ | ᠲᠤᠬᠠᠶ ᠶᠢᠨ ᠲᠠᠯᠠᠪᠠᠶ ᠳᠤ᠂ ᠡᠯ᠎ᠡ ᠲᠥᠷᠥᠯ ᠤᠨ ᠲᠥᠬᠦᠭᠡᠷᠦᠮᠵᠢ ᠨᠢ ᠡᠮᠬᠢ ᠵᠠᠮᠪᠠᠷᠠᠭ᠎ᠠ ᠲᠠᠢ ᠪᠠᠷ ᠠᠵᠢᠯᠯᠠᠵᠤ᠂ | ᠤᠰᠤᠲᠥ᠋ᠷᠥᠭᠴᠢ ᠦᠢᠯᠡᠳᠬᠦ ᠥᠷᠲᠡᠭᠡ ᠨᠢ ᠥᠷᠥᠭᠡ ᠶᠢ ᠲᠥᠪᠯᠡᠷᠡᠭᠦᠯᠦᠨ ᠡᠵᠡᠮᠳᠡᠵᠦ᠂ ᠠᠵᠢᠯᠲᠠᠳ | ᠺᠣᠮᠫᠢᠦ᠋ᠲ᠋ᠧᠷ ᠤᠨ ᠳᠡᠯᠭᠡᠴᠡ ᠶᠢᠨ ᠳᠡᠭᠡᠷᠡᠬᠢ ᠲᠤᠭ᠎ᠠ ᠪᠠᠷᠢᠮᠲᠠ ᠳᠤ ᠠᠩᠬᠠᠷᠤᠯ ᠢᠶᠠᠨ ᠲᠥᠪᠯᠡᠷᠡᠭᠦᠯᠦᠨ ᠂ | ᠦᠢᠯᠡᠳᠪᠦᠷᠢᠯᠡᠯ ᠤᠨ ᠲᠥᠬᠦᠭᠡᠷᠦᠮᠵᠢ ᠶᠢᠨ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠪᠠ᠃ ︽2024 | ᠣᠨ ᠤ 11 ᠰᠠᠷ᠎ᠠ ᠶᠢᠨ 26 ᠤ ᠡᠳᠦᠷ ᠥᠪᠥᠷ ᠮᠣᠩᠭᠤᠯ ᠤᠨ ᠬᠤᠸᠠ ᠳ᠋ᠢᠶᠠᠨ ᠤᠰᠤᠲᠥ᠋ᠷᠥᠭᠴᠢ ᠡᠨᠧᠷᠭᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭᠵᠢᠭᠦᠯᠦᠭᠰᠡᠨ ᠠᠵᠤ ᠦᠢᠯᠡᠳᠪᠦᠷᠢ ᠶᠢᠨ | ᠪᠠᠶᠢᠭᠠᠯᠢ ᠶᠢᠨ ᠰᠢᠲᠠᠮᠠᠬᠠᠶ ᠬᠡᠢ ᠶᠢ ᠬᠤᠯᠢᠵᠤ ᠰᠢᠲᠠᠭᠠᠭᠰᠠᠨ ᠪᠤᠬᠢᠷᠳᠤᠯ ᠦᠭᠡᠢ ᠤᠰᠤᠲᠥ᠋ᠷᠥᠭᠴᠢ ᠶᠢᠨ ᠵᠢᠱᠢᠶ᠎ᠡ | ᠦᠵᠡᠭᠦᠯᠬᠦ ᠲᠥᠷᠥᠯ ᠵᠦᠢᠯ ᠠᠮᠵᠢᠯᠲᠠ ᠣᠯᠤᠭᠰᠠᠨ ᠠᠴᠠ ᠨᠠᠰᠢ᠂ ᠡᠯ᠎ᠡ ᠲᠥᠷᠥᠯ ᠤᠨ ᠮᠡᠷᠭᠡᠵᠢᠯ ᠤᠨ ᠪᠣᠭᠤᠮᠲᠠ | ᠰᠢᠪᠲᠤᠯᠬᠤ ᠪᠠᠷ ᠳᠡᠮᠵᠢᠨ᠂ ᠣᠳᠣᠬᠠᠨ ᠳᠤ ᠪᠠᠶᠢᠭᠠᠯᠢ ᠶᠢᠨ ᠰᠢᠲᠠᠮᠠᠬᠠᠶ ᠬᠡᠢ ᠬᠤᠯᠢᠵᠤ ᠰᠢᠲᠠᠭᠠᠭᠰᠠᠨ ᠪᠤᠬᠢᠷᠳᠤᠯ | ᠦᠭᠡᠢ ᠤᠰᠤᠲᠥ᠋ᠷᠥᠭᠴᠢ ᠶᠢᠨ ᠭᠠᠳᠠᠭᠰᠢᠯᠠᠭᠤᠯᠤᠭᠰᠠᠨ ᠪᠣᠳᠠᠰ ᠢ 20% ᠠᠴᠠ ᠳᠡᠭᠡᠭᠰᠢ ᠪᠠᠭᠤᠷᠠᠭᠤᠯᠤᠭᠰᠠᠨ | ᠪᠠᠶᠢᠨ᠎ᠠ᠃ ᠢᠩᠭᠢᠭᠰᠡᠨ ᠢᠶᠠᠷ᠂ ᠠᠵᠤ ᠦᠢᠯᠡᠳᠪᠦᠷᠢ ᠶᠢᠨ ᠪᠠᠶᠢᠭᠠᠯᠢ ᠶᠢᠨ ᠰᠢᠲᠠᠮᠠᠬᠠᠶ ᠬᠡᠢ ᠶᠢ ᠬᠤᠯᠢᠵᠤ ᠰᠢᠲᠠᠭᠠᠬᠤ | ᠪᠣᠬᠢᠷᠲᠤᠯ ᠦᠭᠡᠢ ᠤᠰᠤᠲᠥ᠋ᠷᠥᠭᠴᠢ ᠶᠢᠨ ᠲᠥᠷᠥᠯ ᠵᠦᠢᠯ ᠨᠢ ᠳᠣᠣᠷᠠᠳᠤ ᠤᠷᠤᠰᠬᠠᠯ ᠤᠨ ᠬᠡᠷᠡᠭᠯᠡᠭᠴᠢ ᠳᠤ ᠵᠢᠯ | ᠪᠦᠷᠢ ᠪᠠᠶᠢᠭᠠᠯᠢ ᠶᠢᠨ ᠰᠢᠲᠠᠮᠠᠬᠠᠶ ᠬᠡᠢ ᠶᠢᠨ ᠬᠡᠷᠡᠭᠯᠡᠬᠦ ᠬᠡᠮᠵᠢᠶ᠎ᠡ ᠶᠢ ᠪᠠᠷᠤᠭ 840 ᠲᠦᠮᠡᠨ ᠪᠠᠷᠢᠮᠵᠢᠶᠠᠲᠤ | ᠳᠥᠷᠪᠡᠯᠵᠢᠨ ᠮᠧᠲᠷ ᠪᠠᠭᠠᠰᠬᠠᠵᠤ᠂ ᠪᠣᠬᠢᠷᠲᠤᠯ ᠦᠭᠡᠢ ᠤᠰᠤᠲᠥ᠋ᠷᠥᠭᠴᠢ ᠶᠢ ᠦᠢᠯᠡᠳᠪᠦᠷᠢᠯᠡᠬᠦ ᠶᠠᠪᠤᠴᠠ ᠳᠤ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠡᠭᠦᠰᠬᠦ ᠦᠭᠡᠢ ᠪᠣᠯᠬᠤᠷ ᠵᠢᠯ ᠪᠦᠷᠢ ᠪᠠᠷᠤᠭ CO2 ᠢ | ᠭᠠᠳᠠᠭᠰᠢᠯᠠᠭᠤᠯᠬᠤ ᠬᠡᠮᠵᠢᠶ᠎ᠡ ᠶᠢ ᠪᠠᠷᠤᠭ 1.65 ᠲᠦᠮᠡᠨ ᠲᠣᠨ ᠪᠠᠭᠤᠷᠠᠭᠤᠯᠵᠤ᠂ CO ᠭᠠᠳᠠᠭᠰᠢᠯᠠᠭᠤᠯᠤᠯᠲᠠ ᠶᠢ | ᠪᠠᠷᠤᠭ ᠵᠢᠯ ᠳᠤ 25.5 ᠲᠣᠨ ᠪᠠᠭᠤᠷᠠᠭᠤᠯᠬᠤ ᠪᠣᠯᠤᠨ᠎ᠠ᠃ ᠨᠢᠳᠤᠨᠤᠨ ᠤ 11 ᠳ᠋ᠤᠭᠡᠷ ᠰᠠᠷ᠎ᠠ ᠶᠢᠨ ᠰᠡᠭᠦᠯᠴᠢ ᠠᠴᠠ | ᠡᠬᠢᠯᠡᠨ ᠳᠣᠣᠷᠠᠳᠤ ᠤᠷᠤᠰᠬᠠᠯ ᠤᠨ ᠬᠡᠷᠡᠭᠯᠡᠭᠴᠢ ᠳᠤ ᠨᠡᠶᠢᠲᠡ 370 ᠲᠦᠮᠡᠨ ᠪᠠᠷᠢᠮᠵᠢᠶᠠᠲᠤ ᠳᠥᠷᠪᠡᠯᠵᠢᠨ ᠮᠧᠲᠷ | ᠪᠤᠬᠢᠷᠳᠤᠯ ᠦᠬᠡᠢ ᠤᠰᠤᠲᠥ᠋ᠷᠥᠭᠴᠢ ᠬᠠᠩᠭᠠᠵᠠᠶ︾ ᠬᠡᠵᠦ ᠥᠪᠥᠷ ᠮᠣᠩᠭᠤᠯ ᠤᠨ ᠬᠤᠸᠠ ᠳ᠋ᠢᠶᠠᠨ ᠤᠰᠤᠲᠥ᠋ᠷᠥᠭᠴᠢ | ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ | ᠭᠡᠰᠢᠭᠦᠨ᠂ ᠳᠡᠳ᠋ ᠶᠡᠷᠦᠩᠬᠡᠶ ᠳᠠᠭᠠᠭᠠᠮᠠᠯ ᠴᠢ ᠹᠠᠩ ᠲᠠᠨᠢᠯᠴᠠᠭᠤᠯᠵᠠᠶ᠃ | ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠳᠤ ᠰᠠᠯᠬᠢᠨ ᠬᠦᠴᠦᠨ ᠤ ᠴᠠᠬᠢᠯᠭᠠᠨ ᠢ ᠨᠡᠶᠢᠲᠡ 12 ᠲᠦᠮᠡᠨ | ᠺᠢᠯᠣᠸᠠᠲ᠂ ᠭᠡᠷᠡᠯᠴᠢ ᠴᠡᠨᠡᠭ ᠢ 8 ᠲᠦᠮᠡᠨ ᠺᠢᠯᠣᠸᠠᠲ᠂ ᠴᠠᠬᠢᠯᠭᠠᠨ ᠬᠢᠮᠢ ᠶᠢᠨ ᠡᠨᠧᠷᠭᠢ ᠬᠠᠳᠠᠭᠠᠯᠠᠬᠤ ᠶᠢ 2 | ᠲᠦᠮᠡᠨ ᠺᠢᠯᠣᠸᠠᠲ ᠴᠠᠭ᠂ ᠴᠠᠬᠢᠯᠭᠠᠨ ᠵᠠᠳᠠᠯᠤᠯ ᠤᠨ ᠤᠰᠤ ᠪᠠᠷ ᠤᠰᠤᠲᠥ᠋ᠷᠥᠭᠴᠢ ᠦᠢᠯᠡᠳᠬᠦ ᠶᠢ 12000 | ᠪᠠᠷᠢᠮᠵᠢᠶᠠᠲᠤ ᠪᠣᠰᠤᠭ᠎ᠠ ᠳᠥᠷᠪᠡᠯᠵᠢᠨ ᠮᠧᠲᠷ/ᠴᠠᠭ ᠪᠦᠷᠢ ᠪᠠᠶᠢᠭᠤᠯᠵᠤ᠂ 100% ᠪᠠᠷ ᠪᠤᠬᠢᠷᠳᠤᠯ ᠦᠬᠡᠢ | ᠴᠠᠬᠢᠯᠭᠠᠨ ᠢᠶᠠᠷ ᠪᠤᠬᠢᠷᠳᠤᠯ ᠦᠬᠡᠢ ᠤᠰᠤᠲᠥ᠋ᠷᠥᠭᠴᠢ ᠶᠢ ᠦᠢᠯᠡᠳᠬᠦ ᠶᠢ ᠪᠡᠶᠡᠯᠡᠭᠦᠯᠪᠡ᠃ ᠣᠳᠣᠬᠠᠨ ᠳᠤ᠂ | 20% ᠶᠢᠨ ᠪᠣᠬᠢᠷᠲᠤᠯ ᠦᠭᠡᠢ ᠤᠰᠤᠲᠥ᠋ᠷᠥᠭᠴᠢ ᠶᠢ ᠬᠤᠯᠢᠵᠤ ᠰᠢᠲᠠᠭᠠᠬᠤ ᠶᠢ ᠬᠡᠷᠡᠭᠵᠢᠭᠦᠯᠵᠦ᠂ ᠪᠣᠬᠢᠷᠲᠤᠯ | ᠪᠣᠳᠠᠰ ᠤᠨ ᠭᠠᠳᠠᠭᠰᠢᠯᠠᠭᠤᠯᠤᠯᠲᠠ ᠶᠢ ᠢᠯᠡᠳᠲᠡ ᠪᠠᠭᠤᠷᠠᠭᠤᠯᠵᠤ᠂ ᠠᠵᠤ ᠦᠢᠯᠡᠳᠪᠦᠷᠢ ᠶᠢᠨ ᠵᠤᠤᠬ᠎ᠠ ᠶᠢᠨ | ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠰᠢᠨ᠎ᠡ ᠵᠠᠭᠪᠤᠷ ᠲᠠᠢ | ᠪᠣᠯᠤᠭᠰᠠᠨ ᠪᠥᠭᠡᠳ ᠪᠠᠰᠠ ᠨᠡᠭᠦᠷᠡᠰᠦᠲᠥ᠋ᠷᠥᠭᠴᠢ ᠦᠭᠡᠢ᠂ ᠥᠪᠡᠷ ᠤᠨ ᠦᠷᠳᠡᠭ ᠢᠶᠠᠷ ᠳᠣᠣᠷ᠎ᠠ᠂ ᠠᠮᠤᠷ ᠲᠦᠪᠰᠢᠨ | ᠪᠥᠭᠡᠳ ᠨᠠᠶᠢᠳᠠᠪᠤᠷᠢᠲᠠᠢ ᠪᠣᠬᠢᠷᠲᠤᠯ ᠦᠭᠡᠢ ᠤᠰᠤᠲᠥ᠋ᠷᠥᠭᠴᠢ ᠶᠢᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠬᠤ ᠳᠤ | ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠵᠢᠱᠢᠶ᠎ᠡ ᠦᠵᠡᠭᠦᠯᠦᠭᠰᠡᠨ ᠬᠡᠷᠡᠭ ᠤᠨ ᠵᠢᠱᠢᠶ᠎ᠡ ᠶᠢ ᠬᠠᠩᠭᠠᠪᠠ᠃ ︽ | ᠢᠷᠡᠭᠡᠳᠦᠶ ᠶᠢᠨ ᠬᠤᠸᠠ ᠳ᠋ᠢᠶᠠᠨ ᠪᠦᠯᠦᠭᠯᠡᠯ ᠥᠪᠥᠷ ᠮᠣᠩᠭᠤᠯ ᠣᠷᠣᠨ ᠳᠤ ᠪᠤᠬᠢᠷᠳᠤᠯ ᠦᠬᠡᠢ ᠤᠰᠤᠲᠥ᠋ᠷᠥᠭᠴᠢ ᠶᠢᠨ | ᠬᠦᠷᠢᠶ᠎ᠡ ᠴᠠᠷᠠᠭ᠎ᠠ ᠶᠢ ᠦᠷᠭᠦᠯᠵᠢᠯᠡᠨ ᠭᠦᠨ ᠬᠠᠭᠠᠯᠪᠤᠷᠢᠯᠠᠵᠤ᠂ ᠰᠢᠨ᠎ᠡ ᠡᠨᠧᠷᠭᠢ ᠶᠢᠨ ᠤᠰᠤᠲᠥ᠋ᠷᠥᠭᠴᠢ ᠦᠢᠯᠡᠳᠬᠦ | ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠨ᠂ ᠪᠤᠬᠢᠷᠳᠤᠯ ᠦᠬᠡᠢ ᠤᠰᠤᠲᠥ᠋ᠷᠥᠭᠴᠢ ᠶᠢ ᠬᠠᠳᠠᠭᠠᠯᠠᠵᠤ | ᠵᠥᠭᠡᠭᠡᠪᠦᠷᠢᠯᠡᠬᠦ ᠮᠡᠷᠭᠡᠵᠢᠯ ᠢ ᠪᠠᠶᠢᠷᠢᠰᠢᠭᠤᠯᠬᠤ ᠶᠢᠨ ᠬᠠᠮᠲᠤ ᠪᠤᠬᠢᠷᠳᠤᠯ ᠦᠬᠡᠢ ᠤᠰᠤᠲᠥ᠋ᠷᠥᠭᠴᠢ ᠶᠢ ᠪᠤᠭᠤᠲᠤ | ᠣᠷᠣᠨ ᠳᠤ ᠰᠢᠩᠭᠡᠭᠡᠨ ᠠᠪᠬᠤ ᠪᠠᠶᠢᠳᠠᠯ ᠢ ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ︾ ᠢᠷᠡᠭᠡᠳᠦᠢ ᠶᠢᠨ ᠲᠤᠬᠠᠢ | ᠢᠲᠡᠭᠡᠯ ᠳᠦᠭᠦᠷᠡᠩ ᠪᠠᠶᠢᠨ᠎ᠠ᠃ | ᠤᠢᠢᠷ᠎ᠠ ᠶᠢᠨ ᠵᠢᠯ ᠠᠴᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠤ ᠲᠡᠰ ᠳᠡᠪᠰᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠠᠬᠤᠶᠢᠯᠠᠯ ᠤᠨ ᠬᠦᠰᠡᠯ | ᠱᠠᠭᠠᠷᠳᠠᠯᠭ᠎ᠠ ᠳᠤ ᠥᠨᠳᠥᠷ ᠪᠦᠲᠦᠮᠵᠢᠲᠡᠢ ᠬᠠᠷᠢᠭᠤᠯᠲᠠ ᠥᠭᠴᠦ᠂ ᠠᠵᠤ ᠠᠬᠤᠶᠢᠯᠠᠯ ᠤᠨ ᠬᠡᠷᠡᠭᠴᠡᠭᠡ | ᠱᠠᠭᠠᠷᠳᠠᠯᠭ᠎ᠠ ᠶᠢ ᠣᠨᠣᠪᠴᠢᠲᠠᠢ ᠵᠣᠯᠭᠠᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ | ᠪᠤᠳᠤᠯᠭ᠎ᠠ ᠶᠢᠨ ︽ᠡᠳ᠋ᠯᠡᠪᠡᠰᠦ ᠵᠣᠬᠢᠬᠤ ᠶᠢ ᠨᠢ ᠪᠦᠬᠦᠨ ᠢ ᠡᠳ᠋ᠯᠡᠬᠦ︾ ᠶᠢ ᠠᠬᠢᠭᠤᠯᠵᠤ᠂ ᠠᠵᠤ ᠠᠬᠤᠶᠢᠯᠠᠯ ᠤᠨ | ᠬᠥᠭᠵᠢᠯᠲᠡ ᠳᠤ ᠪᠦᠬᠦ ᠲᠠᠯ᠎ᠠ ᠶᠢᠨ ᠳᠡᠮᠵᠢᠯᠭᠡ ᠬᠠᠩᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ | ᠬᠦᠴᠦᠨ ᠢ ᠬᠥᠭᠵᠢᠭᠡᠪᠡ᠃ ᠤᠯᠠᠮ ᠠᠴᠠ ᠤᠯᠠᠮ ᠣᠯᠠᠨ ᠬᠥᠲᠥᠯᠥᠨ ᠳᠠᠭᠠᠭᠤᠯᠬᠤ ᠴᠢᠨᠠᠷᠲᠠᠶ᠂ ᠲᠤᠯᠭᠠᠭᠤᠷᠢᠯᠠᠬᠤ | ᠴᠢᠨᠠᠷᠲᠠᠶ᠂ ᠵᠢᠱᠢᠶ᠎ᠡ ᠦᠵᠡᠭᠦᠯᠬᠦ ᠴᠢᠨᠠᠷ ᠢᠶᠠᠷ ᠴᠢᠩᠭ᠎ᠠ ᠠᠵᠤ ᠦᠢᠯᠡᠰ ᠤᠨ ᠲᠥᠷᠥᠯ ᠵᠦᠢᠯ ᠳᠠᠷᠬᠠᠨ ᠮᠤᠤᠮᠢᠩᠭᠠᠨ | ᠬᠤᠯᠪᠤᠭᠠᠳᠥ ᠬᠤᠰᠢᠭᠤᠨ ᠳᠤ ᠡᠮᠬᠢ ᠵᠢᠷᠤᠮ ᠲᠠᠢ ᠶᠠᠪᠤᠭᠳᠠᠵᠤ᠂ ᠠᠵᠤ ᠦᠢᠯᠡᠰ ᠤᠨ ᠦᠢᠯᠡᠳᠦᠯ ᠴᠦ ᠠᠯᠬᠤᠮ | ᠠᠯᠬᠤᠮ ᠢᠶᠠᠷ ᠲᠤᠪᠤᠶᠢᠮ᠎ᠠ ᠪᠣᠯᠵᠤ ᠪᠠᠶᠢᠨ᠎ᠠ᠃ |