ᠴᠠᠭ ᠠᠭᠤᠷ ᠤᠨ ᠭᠠᠮᠰᠢᠭ ᠤᠨ ᠰᠡᠷᠡᠮᠵᠢ ᠶᠢᠨ ᠳᠤᠬᠢᠶ᠎ᠠ  ᠠᠶᠤᠩᠭ᠎ᠠ ᠴᠠᠬᠢᠯᠭᠠᠨ ᠤ ᠰᠢᠷ᠎ᠠ ᠥᠩᠭᠡ ᠶᠢᠨ ᠰᠡᠷᠡᠮᠵᠢ ᠶᠢᠨ ᠳᠣ
ᠨᠡᠶᠢᠲᠡᠯᠡᠭᠰᠡᠨ ᠴᠠᠭ᠄
2025/6/30
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠠᠭ ᠠᠭᠤᠷ ᠤᠨ ᠬᠤᠷᠢᠶ᠎ᠠ 2025 ᠣᠨ ᠤ 06 ᠰᠠᠷ᠎ᠠ ᠶᠢᠨ 30 ᠤ ᠡᠳᠦᠷ ᠤᠨ 13 ᠴᠠᠭ 10 ᠮᠢᠨᠦ᠋ᠲ ᠲᠤ ᠠᠶᠤᠩᠭ᠎ᠠ ᠴᠠᠬᠢᠯᠭᠠᠨ ᠤ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠪᠡ᠄      6 ᠴᠠᠭ ᠤᠨ ᠳᠣᠲᠣᠷ᠎ᠠ ᠪᠠᠭ᠎ᠠ ᠤᠩᠭᠤᠨ ᠰᠢᠶᠠᠩ᠂ ᠰᠢᠷᠠᠮᠥ᠋ᠷᠡᠨ ᠪᠠᠯᠭᠠᠰᠤ᠂ ᠦᠬᠡᠷᠬᠤᠳᠳᠤᠭ ᠪᠠᠯᠭᠠᠰᠤ᠂  ᠰᠢᠪᠠᠷᠬᠦ᠋ᠷᠢᠶ᠎ᠡ ᠪᠠᠯᠭᠠᠰᠤ᠂ ᠰᠢ ᠾᠧ ᠰᠢᠶᠠᠩ᠂ ᠪᠠᠲᠤᠬᠠᠭᠠᠯᠭ᠎ᠠ ᠪᠠᠯᠭᠠᠰᠤ᠂ ᠮᠢᠩᠭᠠᠨ ᠪᠠᠯᠭᠠᠰᠤ᠂ ᠪᠠᠶ᠋ᠬᠠᠤᠪᠤᠭ᠎ᠠ ᠰᠤᠮᠤ᠂ ᠳᠠᠷᠬᠠᠨ ᠰᠤᠮᠤ᠂ ᠮᠠᠨᠳᠤᠯ ᠪᠠᠯᠭᠠᠰᠤ᠂ ᠪᠠᠶᠠᠨᠬᠤᠸᠠ ᠪᠠᠯᠭᠠᠰᠤ᠂ ᠴᠠᠭᠠᠨᠬᠠᠳᠠ ᠰᠤᠮᠤ ᠳᠤ ᠠᠶᠤᠩᠭ᠎ᠠ ᠴᠠᠬᠢᠯᠭᠠᠨ ᠡᠬᠦᠰᠬᠦ ᠪᠤᠯᠤᠯᠴᠠᠭ᠎ᠠ ᠲᠠᠢ᠂ ᠬᠡᠰᠡᠭ ᠭᠠᠵᠠᠷ ᠲᠤ ᠣᠬᠤᠷᠬᠠᠨ ᠬᠤᠭᠤᠴᠠᠭᠠᠨ ᠤ ᠰᠢᠷᠦᠭᠦᠨ ᠪᠣᠷᠣᠭᠠᠨ᠂  ᠶᠡᠭᠡ ᠰᠠᠯᠬᠢ᠂ ᠮᠥᠨᠳᠥᠷ ᠵᠡᠷᠭᠡ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠢᠯᠡᠷᠡᠵᠤ ᠮᠡᠳᠡᠨ᠎ᠠ᠃ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠡ ᠪᠠ ᠠᠵᠢᠯᠲᠠᠨ ᠰᠡᠷᠭᠡᠶᠢᠯᠡᠬᠦ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃      ᠬᠤᠷᠢᠭᠯᠠᠯᠲᠠ ᠶᠢᠨ ᠵᠦᠭᠯᠡᠭᠦᠷ      1. ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠣᠰᠣᠭᠠᠷ ᠠᠶᠤᠩᠭ᠎ᠠ ᠠᠴᠠ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃      2. ᠴᠠᠭ ᠠᠭᠤᠷ ᠢ ᠨᠢᠭᠲᠠ ᠠᠩᠬᠠᠷᠴᠤ᠂ ᠭᠡᠷ ᠤᠨ ᠭᠠᠳᠠᠨ᠎ᠠ ᠬᠥᠳᠡᠯᠭᠡᠭᠡᠨ ᠬᠢᠬᠦ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号