ᠵᠠᠯᠠᠭᠤᠴᠤᠳ ᠤᠨ ︽ᠠᠵᠢᠯ ᠤᠯᠬᠤ ᠳᠤ ᠠᠮᠠᠷᠬᠠᠨ᠂ ᠰᠠᠶᠢᠨ ᠠᠵᠢᠯ ᠤᠯᠬᠤ︾ ᠳᠤ ᠬᠦᠴᠦᠨ ᠨᠡᠮᠡᠷᠢᠯᠡᠬᠦ ᠶᠢᠨ ᠲᠦᠯᠦᠭᠡ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠢᠯ ᠣᠯᠭᠤᠯᠲᠠ ᠶᠢᠨ ᠠᠵᠢᠯᠯᠠᠭ᠎ᠠ ᠪᠦᠬᠦ  ᠲᠠᠯ᠎ᠠ ᠪᠠᠷ ᠡᠬᠢᠯᠡᠵᠡᠶ
ᠨᠡᠶᠢᠲᠡᠯᠡᠭᠰᠡᠨ ᠴᠠᠭ᠄
2025/6/30
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠢᠯ ᠣᠯᠵᠤ ᠦᠢᠯᠡᠰ ᠴᠣᠭᠴᠠᠯᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠲᠦᠯᠬᠢᠨ ᠠᠬᠢᠭᠤᠯᠬᠤ ᠶᠢᠨ ᠲᠥᠯᠥᠭᠡ ᠂ ︽  ᠠᠵᠢᠯ  ᠤᠯᠭᠤᠯᠳᠠ ᠪᠠᠷ ᠢᠷᠡᠭᠡᠳᠦᠢ ᠶᠢ ᠬᠦᠳᠦᠯᠦᠨ᠂ ᠵᠠᠯᠠᠭᠤ ᠨᠠᠰᠤ ᠪᠠᠷ ᠬᠦᠰᠡᠯ ᠵᠡᠬᠦᠳᠦ ᠪᠠᠨ ᠲᠡᠷᠭᠡᠯᠰᠢᠬᠦᠯᠬᠦ ︾ ᠪᠠᠷ ᠭᠤᠤᠯ ᠰᠡᠳᠦᠪ ᠪᠤᠯᠭᠠᠭᠰᠠᠨ ᠠᠵᠢᠯ ᠤᠯᠭᠤᠬᠤ ᠦᠢᠯᠡᠴᠢᠯᠡᠭᠡᠨ ᠤ ᠰᠢᠷᠢᠰ ᠠᠵᠢᠯᠯᠠᠭ᠎ᠠ᠂ 2025 ᠤᠨ ᠳᠤ ᠲᠡᠭᠦᠰᠦᠭᠰᠡᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ᠂ ᠥᠩᠭᠡᠷᠡᠭᠰᠡᠨ ᠬᠤᠭᠤᠴᠠᠭᠠᠨ ᠳᠤ ᠪᠠᠨ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠥᠳᠡᠭᠡ ᠲᠣᠰᠬᠤᠨ ᠤ ᠬᠥᠳᠡᠯᠮᠦᠷᠢ  ᠬᠦᠴᠦ ᠶᠢ ᠰᠢᠯᠵᠢᠬᠦᠯᠬᠦ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠠᠵᠢᠯ ᠤᠯᠭᠤᠬᠤ ᠬᠥᠮᠥᠰ ᠲᠤ ᠠᠩᠬᠠᠷᠤᠯ ᠢᠶᠠᠨ ᠲᠦᠪᠯᠡᠷᠡᠬᠦᠯᠵᠦ᠂ ᠠᠵᠢᠯ ᠤᠨ ᠪᠠᠶᠢᠷᠢ ᠶᠢ ᠥᠷᠭᠡᠳᠬᠡᠬᠦ᠂ ᠠᠵᠢᠯ ᠣᠯᠭᠤᠯᠲᠠ ᠶᠢ ᠠᠬᠢᠭᠤᠯᠬᠤ᠂ ᠤᠷ᠎ᠠ ᠴᠢᠳᠠᠪᠤᠷᠢ ᠶᠢ ᠬᠦᠴᠦᠷᠬᠡᠭᠵᠢᠭᠦᠯᠦᠨ ᠦᠢᠯᠡᠴᠢᠯᠡᠭᠡ ᠶᠢ ᠰᠢᠯᠢᠳᠡᠭᠵᠢᠭᠦᠯᠬᠦ᠂ ᠡᠷᠬᠡ ᠠᠰᠢᠭ ᠢ ᠬᠠᠮᠠᠭᠠᠯᠠᠬᠤ ᠵᠡᠷᠭᠡ ᠬᠠᠮ ᠠᠷᠭ᠎ᠠ ᠬᠡᠮᠵᠢᠶ᠎ᠡ ᠪᠠᠷ ᠳᠠᠮᠵᠢᠭᠤᠯᠤᠨ ᠂ ᠪᠤᠲᠠᠲᠠᠢ ᠠᠵᠢᠯᠯᠠᠭ᠎ᠠ ᠪᠠᠷ ᠬᠦᠰᠡᠯ ᠢᠶᠠᠨ  ᠪᠡᠶᠡᠯᠡᠬᠦᠯᠵᠦ᠂ ᠲᠡᠮᠡᠴᠡᠯ ᠤᠨ ᠤᠷᠢ ᠵᠠᠯᠠᠭᠤ ᠨᠠᠰᠤ ᠪᠠᠨ ᠲᠠᠷᠬᠠᠨ ᠨᠤᠳᠤᠭ ᠤᠨ ᠬᠦᠷᠦᠰᠦᠨ ᠳᠤ ᠦᠨᠳᠦᠰᠦᠯᠡᠭᠦᠯᠦᠶ᠎ᠡ ᠃      ᠰᠡᠳᠭᠢᠯ  ᠢ ᠲᠤᠯᠠᠭᠠᠴᠠᠭᠤᠯᠤᠭᠰᠠᠨ ᠬᠥᠮᠦᠨ ᠬᠡᠷᠡᠭᠯᠡᠬᠦ  ᠪᠠᠶᠢᠭᠤᠯᠭ᠎ᠠ ᠨᠢᠭᠡᠴᠡ ᠶᠢᠨ  ᠠᠵᠢᠯᠳᠠᠨ ᠡᠯᠰᠡᠬᠦ ᠶᠢ ᠵᠣᠯᠭᠠᠭᠤᠯᠬᠤ ᠬᠤᠷᠠᠯ  ᠢ ᠬᠠᠯᠠᠭᠤᠨ ᠢᠶᠠᠷ  ᠡᠬᠢᠯᠡᠬᠦᠯᠪᠡᠴᠠᠭ᠄ 2025 ᠣᠨ ᠤ 6 ᠰᠠᠷ᠎ᠠ ᠶᠢᠨ ᠳᠤᠮᠳᠠᠴᠢ ᠭᠠᠵᠠᠷ᠄ ᠰᠤᠯᠠ ᠬᠦᠴᠦᠨ ᠤ ᠵᠠᠬ᠎ᠠ ᠳᠡᠯᠭᠡᠭᠦᠷᠠᠭᠤᠯᠭ᠎ᠠ᠄ ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠡ ᠶᠢ ᠤᠷᠢᠵᠤ ᠬᠤᠷᠠᠯ ᠳᠤ ᠣᠷᠣᠯᠴᠠᠭᠤᠯᠵᠤ᠂ ᠮᠡᠷᠭᠡᠵᠢᠯ᠂ ᠬᠠᠮᠢᠶᠠᠷᠤᠯᠲᠠ᠂ ᠪᠣᠷᠣᠯᠠᠭᠤᠯᠭ᠎ᠠ ᠵᠡᠷᠭᠡ ᠠᠵᠢᠯ ᠤᠨ ᠪᠠᠶᠢᠷᠢ ᠶᠢ 85 ᠠᠴᠠ ᠳᠡᠭᠡᠭᠰᠢ  ᠬᠠᠩᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ ᠂  ᠴᠡᠷᠢᠭ ᠠᠴᠠ ᠬᠠᠯᠠᠭᠳᠠᠭᠰᠠᠳ ᠵᠡᠷᠭᠡ ᠲᠤᠰᠬᠠᠢ ᠤᠷᠤᠨ ᠲᠤᠬᠢᠷᠠᠭᠤᠯᠵᠤ ᠂ ᠲᠤᠬᠠᠢ ᠶᠢᠨ ᠲᠠᠯᠠᠪᠤᠷ ᠲᠤ ᠠᠵᠢᠯ ᠮᠡᠷᠭᠡᠵᠢᠯ ᠤᠨ ᠵᠢᠭᠠᠨ  ᠵᠢᠯᠤᠭᠤᠳᠤᠯᠭ᠎ᠠ ᠬᠢᠵᠦ ᠂ ᠲᠤᠪᠴᠢᠶ᠎ᠠ ᠨᠠᠮᠳᠠᠷ ᠢ ᠰᠢᠯᠢᠳᠡᠭᠵᠢᠬᠦᠯᠬᠦ ᠵᠡᠷᠭᠡ ᠯᠠᠪᠯᠠᠯᠭ᠎ᠠ ᠶᠢᠨ ᠦᠢᠯᠡᠴᠢᠯᠡᠭᠡ ᠬᠠᠩᠭᠠᠨ᠎ᠠ᠃    ᠠᠷᠠᠳ ᠲᠤ ᠳᠦᠭᠦᠮ ᠦᠵᠡᠬᠦᠯᠬᠦ ᠥᠷᠲᠡᠭᠡ ᠦᠢᠯᠡᠴᠢᠯᠡᠭᠡ  ᠬᠠᠩᠭᠠᠨ᠎ᠠᠴᠠᠭ᠄ 2025 ᠣᠨ ᠤ 6 ᠰᠠᠷ᠎ᠠ ᠶᠢᠨ ᠳᠤᠮᠳᠠᠴᠢᠭᠠᠵᠠᠷ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠱᠤᠭᠤᠮ ᠠᠭᠤᠯᠭ᠎ᠠ᠄ ᠠᠵᠢᠯ ᠣᠯᠭᠤᠬᠤ ᠦᠢᠯᠡᠴᠢᠯᠡᠭᠡᠨ ᠤ ᠲᠤᠰᠬᠠᠢ ᠤᠷᠤᠨ ᠭᠠᠷᠭᠠᠵᠤ᠂ ᠠᠵᠢᠯ ᠤᠨ ᠪᠠᠶᠢᠷᠢ ᠶᠢᠨ ᠮᠡᠳᠡᠭᠡ ᠵᠠᠩᠭᠢ ᠵᠢᠴᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠬᠡᠷᠡᠭᠴᠡᠭᠡ ᠱᠠᠭᠠᠷᠳᠠᠯᠭ᠎ᠠ ᠶᠢ ᠳᠡᠯᠭᠡᠷᠡᠭᠦᠯᠦᠨ᠎ᠡ᠃      ᠡᠭᠦᠯᠡᠨ ᠳᠠᠪᠴᠠᠩ ᠢᠶᠠᠷ ᠰᠢᠭᠤᠳ ᠨᠡᠪᠳᠡᠷᠡᠬᠦᠯᠭᠡ ᠬᠢᠵᠦ ᠠᠵᠢᠯ ᠤᠨ ᠪᠠᠶᠢᠷᠢ  ᠶᠢ ᠰᠢᠭᠤᠳ ᠳᠠᠭᠠᠭᠤᠯᠬᠤ ᠠᠵᠢᠯᠯᠠᠭ᠎ᠠᠴᠠᠭ᠄ 2025 ᠣᠨ ᠤ 6 ᠰᠠᠷ᠎ᠠ ᠶᠢᠨ ᠰᠡᠭᠦᠯᠴᠢ ᠪᠠᠷᠭᠠᠵᠠᠷ᠄  ᠰᠤᠯᠠ ᠬᠦᠴᠦᠨ ᠤ ᠵᠠᠬ᠎ᠠ ᠳᠡᠯᠭᠡᠭᠦᠷ ᠤᠨ ᠬᠤᠶᠠᠳᠤᠭᠠᠷ  ᠲᠠᠪᠬᠤᠷᠭ᠎ᠠ ᠶᠢᠨ ᠰᠢᠭᠤᠳ ᠨᠡᠪᠲᠡᠷᠡᠭᠦᠯᠭᠡ ᠶᠢᠨ ᠲᠠᠰᠤᠭ ︵ᠰᠦᠯᠵᠢᠶᠡᠨ ᠳᠡᠭᠡᠷ᠎ᠡ ᠵᠡᠷᠭᠡ ᠪᠠᠷ ᠰᠢᠭᠤᠳ ᠨᠡᠪᠲᠡᠷᠡᠭᠦᠯᠪᠡ  ᠬᠢᠨ᠎ᠡ︶ᠠᠭᠤᠯᠭ᠎ᠠ᠄ ᠲᠣᠰ ᠭᠠᠵᠠᠷ ᠣᠷᠣᠨ ᠤ ᠵᠠᠭᠤᠴᠢᠯᠠᠭᠤᠷ ᠤᠨ ᠭᠤᠤᠯ ᠨᠡᠪᠲᠡᠷᠡᠭᠦᠯᠦᠭᠴᠢ᠂ ᠵᠢᠵᠢᠭ ᠪᠢᠴᠢᠯ ᠠᠵᠤ ᠠᠬᠤᠶᠢᠯᠠᠯ ᠤᠨ ᠡᠵᠡᠨ᠂ ᠠᠵᠢᠯ ᠡᠷᠢᠬᠦ ᠵᠠᠯᠠᠭᠤᠴᠤᠳ ᠤᠨ  ᠦᠢᠯᠡᠳᠦᠯ ᠢ ᠪᠠᠳᠠᠷᠠᠭᠤᠯᠵᠤ᠂ ᠨᠡᠷ᠎ᠡ ᠲᠥᠷᠥ ᠲᠠᠢ  ᠡᠯᠧᠺᠲᠷᠣᠨ  ᠬᠤᠳᠠᠯᠳᠤᠭᠠᠨ ᠤ ᠯᠧᠺᠲ᠋ᠣᠷ ᠢ ᠤᠷᠢᠵᠤ ᠦᠢᠯᠡᠳᠬᠦᠨ ᠤ ᠤᠷᠤᠰᠬᠠᠯ ᠳᠠᠭᠠᠭᠤᠯᠬᠤ ᠤᠷ᠎ᠠ ᠮᠡᠷᠭᠡᠰᠢᠯ᠂ ᠴᠢᠨᠠᠷ ᠰᠠᠶᠢᠲᠠᠶ ᠠᠵᠤ ᠠᠬᠤᠶᠢᠯᠠᠯ HR ᠰᠢᠭᠤᠳ ᠨᠡᠪᠲᠡᠷᠡᠭᠦᠯᠭᠡ ᠶᠢᠨ ᠲᠠᠰᠤᠭ ᠲᠤ  ᠤᠷᠢᠵᠤ ᠠᠵᠤ ᠠᠬᠤᠶᠢᠯᠠᠯ᠂ ᠠᠵᠢᠯ ᠤᠨ ᠪᠠᠶᠢᠷᠢ ᠵᠡᠷᠭᠡ ᠶᠢ ᠲᠠᠨᠢᠯᠴᠠᠭᠤᠯᠬᠤ ᠶᠢᠨ ᠬᠠᠮᠲᠤ ᠠᠵᠢᠯ ᠡᠷᠢᠭᠰᠡᠳ ᠤᠨ ᠠᠰᠠᠭᠤᠯᠲᠠ ᠶᠢ ᠬᠠᠷᠢᠭᠤᠯᠤᠨ᠎ᠠ᠃      ︽ᠲᠠᠯ᠎ᠠ ᠨᠤᠲᠤᠭ ᠤᠨ ᠣᠴᠢ · ᠠᠵᠢᠯ  ᠤᠨ ᠪᠠᠶᠢᠷᠢ ᠲᠠᠨ ᠢ ᠬᠦᠯᠢᠶᠡᠵᠦ ᠪᠠᠶᠢᠨ᠎ᠠ︾ ᠴᠢᠳᠠᠪᠤᠷᠢᠲᠠᠨ ᠤ ᠰᠥᠨᠢ ᠶᠢᠨ ᠵᠠᠬ᠎ᠠ ᠳᠡᠯᠭᠡᠭᠦᠷᠴᠠᠭ᠄ 2025 ᠣᠨ ᠤ 6 ᠳ᠋ᠤᠭᠠᠷ ᠰᠠᠷ᠎ᠠ ᠶᠢᠨ ᠰᠡᠬᠦᠯᠴᠢ - 7 ᠳ᠋ᠤᠭᠠᠷ ᠰᠠᠷ᠎ᠠ ᠶᠢᠨ  ᠡᠬᠢ ᠪᠠᠷᠭᠠᠵᠠᠷ᠄  ᠰᠤᠯᠠ ᠬᠦᠴᠦᠨ ᠤ ᠵᠠᠬ᠎ᠠ ᠳᠡᠯᠭᠡᠭᠦᠷ ᠤᠨ ᠠᠮᠲᠠᠲᠤ ᠢᠳᠡᠭᠡᠨ ᠤ ᠵᠡᠭᠡᠯᠢ ᠶᠢᠨ ᠠᠭᠤᠳᠠᠮ ᠲᠠᠯᠠᠪᠠᠶ ᠶᠢᠨ ᠰᠥᠨᠢ ᠶᠢᠨ ᠵᠠᠬ᠎ᠠ ᠳᠡᠯᠭᠡᠭᠦᠷ ᠠᠭᠤᠯᠭ᠎ᠠ᠄  ᠰᠤᠯᠠ ᠬᠦᠴᠦᠨ ᠤ ᠵᠠᠬ᠎ᠠ ᠳᠡᠯᠭᠡᠭᠦᠷ ᠤᠨ ᠠᠮᠲᠠᠲᠤ ᠢᠳᠡᠭᠡᠨ ᠤ ᠵᠡᠭᠡᠯᠢ ᠶᠢᠨ ᠠᠭᠤᠳᠠᠮ ᠲᠠᠯᠠᠪᠠᠶ ᠶᠢᠨ ᠰᠥᠨᠢ ᠶᠢᠨ ᠵᠠᠬ᠎ᠠ ᠳᠡᠯᠭᠡᠭᠦᠷ ᠲᠤ ᠲᠤᠰᠬᠠᠶ ᠣᠷᠣᠨ ᠪᠦᠰᠡ ᠶᠢ ᠵᠠᠭᠠᠭᠯᠠᠨ ᠲᠣᠭᠲᠠᠭᠠᠵᠤ᠂ ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠡ ᠠᠴᠠ ᠠᠵᠢᠯᠲᠠᠨ ᠡᠯᠰᠡᠬᠦ ᠦᠵᠡᠭᠦᠯᠭᠡ ᠶᠢᠨ ᠪᠠᠶᠢᠷᠢ ᠭᠠᠷᠭᠠᠵᠤ᠂ ︽ᠠᠵᠢᠯ ᠣᠯᠭᠤᠬᠤ ᠦᠢᠯᠡᠴᠢᠯᠡᠭᠡᠨ ᠤ ᠠᠰᠠᠭᠤᠨ ᠯᠠᠪᠯᠠᠬᠤ ᠲᠠᠪᠴᠠᠩ︾ ᠭᠠᠷᠭᠠᠨ᠂ ᠬᠠᠮᠤᠭ ᠤᠨ ᠰᠢᠨ᠎ᠡ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠨᠡᠶᠢᠭᠡᠮ ᠤᠨ ᠪᠠᠲᠤᠯᠠᠭ᠎ᠠ᠂ ᠬᠥᠳᠡᠯᠮᠦᠷᠢ ᠶᠢᠨ ᠡᠷᠬᠡ ᠠᠰᠢᠭ ᠢ ᠪᠠᠲᠤᠯᠠᠬᠤ ᠵᠡᠷᠭᠡ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ᠎ᠠ᠃      ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠣᠯᠭᠤᠯᠲᠠ ᠶᠢ ᠵᠢᠯᠣᠭᠤᠳᠬᠤ ᠠᠵᠢᠯ ᠮᠡᠷᠭᠡᠵᠢᠯ ᠤᠨ ᠲᠥᠯᠥᠪᠵᠢᠭᠦᠯᠭᠡᠴᠠᠭ᠄ 2025 ᠣᠨ ᠤ 7 ᠰᠠᠷ᠎ᠠ ᠶᠢᠨ ᠳᠤᠮᠳᠠᠴᠢ ᠭᠠᠵᠠᠷ᠄  ᠰᠤᠯᠠ ᠬᠦᠴᠦᠨ ᠤ ᠵᠠᠬ᠎ᠠ ᠳᠡᠯᠭᠡᠭᠦᠷᠠᠭᠤᠯᠭ᠎ᠠ᠄ ᠲᠤᠰᠬᠠᠶ ᠮᠡᠷᠭᠡᠵᠢᠯ ᠤᠨ ᠲᠥᠯᠥᠪᠵᠢᠭᠦᠯᠭᠡ ᠶᠢᠨ ᠪᠠᠭᠰᠢ ᠶᠢ ᠤᠷᠢᠵᠤ ᠰᠢᠯᠭᠠᠨ ᠪᠠᠶᠢᠴᠠᠭᠠᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯ ᠡᠷᠢᠭᠰᠡᠳ ᠢ ᠬᠠᠪᠰᠤᠷᠤᠨ ᠠᠵᠢᠯ ᠮᠡᠷᠭᠡᠵᠢᠯ ᠤᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠲᠥᠰᠦᠯ ᠲᠣᠭᠲᠠᠭᠠᠨ᠂ ᠠᠵᠢᠯ ᠲᠥᠷᠥᠯ ᠤᠨ ᠮᠡᠳᠡᠭᠡ ᠵᠠᠩᠭᠢ  ᠬᠠᠩᠭᠠᠨ᠎ᠠ︔ ᠰᠢᠯᠢᠳᠡᠭ ᠲᠦᠯᠦᠭᠡᠯᠡᠭᠴᠢ ᠶᠢ ᠤᠷᠢᠵᠤ ᠲᠤᠷᠰᠢᠯᠭ᠎ᠠ  ᠶᠢ ᠨᠢ ᠬᠤᠪᠢᠶᠠᠯᠴᠠᠨ᠂ ᠬᠦᠮᠦᠨ ᠭᠡᠷᠡᠭᠯᠡᠬᠦ ᠪᠠᠶᠢᠭᠤᠯᠭ᠎ᠠ ᠨᠢᠭᠡᠴᠡ ᠲᠤᠬᠠᠢ ᠶᠢᠨ ᠲᠠᠯᠠᠪᠤᠷ ᠲᠤ ᠨᠢᠭᠤᠷᠳᠠᠨ  ᠰᠢᠯᠭᠠᠬᠤ ᠶᠢ  ᠵᠤᠯᠭᠠᠭᠤᠯᠤᠨ᠎ᠠ᠃      ᠪᠣᠳᠠᠰ ᠤᠨ ᠪᠤᠰᠤ ᠰᠣᠶᠣᠯ ᠤᠨ ᠥᠪ ᠤᠨ ᠤᠷᠠᠨ  ᠲᠠᠷᠬᠠᠨ ᠤ ᠨᠠᠶᠢᠷ ᠨᠠᠭᠠᠳᠤᠮ ᠤᠨ  ᠭᠤᠣᠯ ᠰᠡᠳᠦᠪᠲᠦ ᠳᠡᠯᠭᠡᠨ ᠪᠣᠷᠣᠯᠠᠭᠤᠯᠤᠯᠲᠠᠴᠠᠭ᠄ 2025 ᠣᠨ ᠤ 7 ᠰᠠᠷ᠎ᠠ ᠶᠢᠨ ᠳᠤᠮᠳᠠᠴᠢᠭᠠᠵᠠᠷ᠄ ᠨᠠᠭᠠᠳᠤᠮ ᠤᠨ ᠬᠤᠷᠠᠯ ᠤᠨ ᠭᠤᠤᠯ ᠲᠠᠯᠠᠪᠠᠶ ᠶᠢᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠣᠭᠤᠷᠢᠭ ᠠᠭᠤᠯᠭ᠎ᠠ᠄ ᠪᠣᠳᠠᠰ ᠤᠨ ᠪᠤᠰᠤ ᠰᠣᠶᠣᠯ ᠤᠨ ᠥᠪ ᠤᠨ ᠠᠳᠠᠯ ᠦᠢᠯᠡᠰ ᠴᠣᠭᠴᠠᠯᠠᠭᠰᠠᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠪᠥᠭᠡᠳ ᠰᠢᠭᠤᠳ ᠨᠡᠪᠲᠡᠷᠡᠭᠦᠯᠭᠡ ᠪᠠᠷ ᠬᠤᠳᠠᠯᠳᠤᠵᠤ᠂ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠬᠠᠷᠢᠭᠤᠯᠲᠠ ᠬᠠᠩᠭᠠᠨ᠎ᠠ︔ ᠡᠬᠦᠨ ᠠᠴᠠ ᠭᠠᠳᠠᠨ᠎ᠠ ᠪᠠᠰᠠ ᠦᠢᠯᠡᠴᠢᠯᠡᠭᠡᠨ ᠤ ᠲᠠᠪᠴᠠᠩ ᠪᠠᠶᠢᠭᠤᠯᠵᠤ᠂ ᠤᠷᠢᠭᠳᠠᠭᠰᠠᠳ ᠲᠤᠬᠠᠢ ᠶᠢᠨ ᠲᠠᠯᠠᠪᠤᠷ ᠲᠤ ᠠᠵᠢᠯ ᠡᠷᠢᠬᠦ ᠬᠦᠰᠡᠯ᠂ ᠲᠤᠪᠴᠢᠶ᠎ᠠ ᠨᠠᠮᠳᠠᠷ ᠢᠶᠠᠨ ᠲᠠᠭᠯᠠᠵᠤ᠂ ᠭᠡᠰᠡᠭ ᠠᠵᠤ ᠠᠬᠤᠶᠢᠯᠠᠯ ᠲᠤᠬᠠᠢ ᠶᠢᠨ ᠲᠠᠯᠠᠪᠤᠷ ᠲᠤ  ᠨᠢᠭᠤᠷᠳᠠᠨ ᠰᠢᠯᠭᠠᠵᠤ ᠪᠤᠯᠤᠨ᠎ᠠ᠃      ᠵᠠᠯᠠᠭᠤ ᠨᠠᠰᠤᠨ ᠤ  ᠲᠠᠷᠪᠠᠭᠤᠯ ᠬᠡᠶᠢᠰᠭᠡᠨ ᠤᠶᠤᠳᠠᠳ ᠤᠨ ᠠᠵᠢᠯ ᠤᠯᠭᠤᠯᠳᠠ ᠶᠢᠨ ᠠᠶᠠᠯᠠᠯ ᠢ ᠬᠠᠮᠠᠭᠠᠯᠠᠬᠤ ᠳᠥᠯᠥᠪᠯᠡᠭᠡᠴᠠᠭ᠄ 2025 ᠣᠨ ᠤ 8 ᠰᠠᠷ᠎ᠠ ᠶᠢᠨ ᠡᠬᠢᠨᠭᠠᠵᠠᠷ ᠄  ᠰᠤᠯᠠ ᠬᠦᠴᠦᠨ ᠤ ᠵᠠᠬ᠎ᠠ ᠳᠡᠯᠭᠡᠭᠦᠷ ᠤᠨ ᠶᠡᠭᠡ ᠲᠢᠩᠬᠢᠮᠠᠭᠤᠯᠭ᠎ᠠ᠄ ᠠᠵᠢᠯ ᠮᠡᠷᠭᠡᠵᠢᠯ ᠤᠨ ᠲᠥᠯᠥᠪᠵᠢᠭᠦᠯᠦᠭᠴᠢ ᠶᠢ ᠤᠷᠢᠵᠤ ᠨᠢᠭᠡ ᠨᠢᠭᠡ ᠪᠠᠷ ᠦᠢᠯᠡᠴᠢᠯᠡᠬᠦᠯᠵᠦ᠂ ᠠᠵᠢᠯ ᠲᠥᠷᠥᠯ ᠤᠨ ᠵᠠᠳᠠᠯᠤᠯᠲᠠ ᠵᠡᠷᠭᠡ ᠮᠡᠳᠡᠭᠡ ᠵᠠᠩᠭᠢ  ᠶᠢ ᠬᠠᠩᠭᠠᠨ᠎ᠠ︔ ᠰᠤᠷᠭᠠᠭᠤᠯᠢ ᠠᠵᠤ ᠠᠬᠤᠶᠢᠯᠠᠯ ᠤᠨ ᠬᠤᠤᠰ ᠰᠤᠩᠭᠠᠭᠤᠯᠢ ᠶᠢᠨ ᠬᠤᠷᠠᠯ ᠢ ᠵᠤᠬᠢᠶᠠᠨ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠬᠦᠰᠦᠭᠰᠡᠨ ᠰᠤᠷᠤᠭᠴᠢᠳ ᠲᠤ ᠠᠵᠢᠯ ᠤᠯᠭᠤᠬᠤ ᠪᠠ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠬᠦ ᠦᠢᠯᠡᠴᠢᠯᠡᠭᠡ ᠬᠠᠩᠭᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号