ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ ᠨᠠᠮ ᠤᠨ | ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 6 ᠳ᠋ᠤᠭᠠᠷ ᠰᠠᠷ᠎ᠠ ᠶᠢᠨ 30 ᠤ ᠡᠳᠦᠷ ᠬᠤᠷᠠᠯᠳᠤᠭᠠᠨ | ᠬᠤᠷᠠᠯᠳᠤᠭᠤᠯᠵᠤ᠂ ︽ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠨ ᠬᠡᠷᠡᠭ ᠵᠥᠪᠯᠡᠵᠦ | ᠵᠣᠬᠢᠴᠠᠭᠤᠯᠬᠤ ᠪᠠᠶᠢᠭᠤᠯᠤᠮᠵᠢ ᠶᠢᠨ ᠠᠵᠢᠯ ᠤᠨ ᠳᠦᠷᠢᠮ︾ ᠢ ᠬᠢᠨᠠᠨ ᠶᠠᠷᠢᠯᠴᠠᠪᠠ᠃ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ ᠰᠢ ᠶᠢᠨ ᠫᠢᠩ ᠲᠣᠰ ᠬᠤᠷᠠᠯᠳᠤᠭᠠᠨ ᠢ ᠡᠷᠬᠢᠯᠡᠪᠡ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢ ᠪᠠᠶᠢᠭᠤᠯᠬᠤ ᠪᠣᠯ ᠨᠠᠮ ᠤᠨ ᠲᠥᠪ ᠬᠤᠷᠢᠶᠠᠨ ᠤ ᠴᠢᠬᠤᠯᠠ | ᠶᠡᠭᠡ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠦᠷᠢᠨᠰᠢᠭᠦᠯᠬᠦ᠂ ᠴᠢᠬᠤᠯᠠ ᠶᠡᠭᠡ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠦᠷᠢᠮ ᠤᠨ ᠴᠢᠬᠤᠯᠠ ᠲᠣᠬᠢᠷᠠᠭᠤᠯᠤᠯᠲᠠ ᠪᠣᠯᠣᠨ᠎ᠠ᠃ ︽ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠠᠵᠢᠯ ᠤᠨ | ᠳᠦᠷᠢᠮ︾ ᠢ ᠲᠣᠭᠲᠠᠭᠠᠨ ᠨᠡᠶᠢᠲᠡᠯᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠨ ᠬᠡᠷᠡᠭ | ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠲᠣᠬᠢᠷᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠠᠵᠢᠯᠯᠠᠭᠠᠨ ᠢ ᠤᠯᠠᠮ | ᠨᠢᠭᠡ ᠠᠯᠬᠤᠮ ᠵᠢᠷᠤᠮᠵᠢᠭᠤᠯᠬᠤ ᠨᠢ ᠴᠢᠬᠤᠯᠠ ᠶᠡᠭᠡ ᠠᠵᠢᠯ ᠳᠠᠬᠢ ᠦᠵᠦ ᠲᠥᠯᠥᠪᠯᠡᠭᠡ᠂ ᠨᠢᠭᠡᠳᠦᠯᠲᠡᠢ ᠲᠥᠯᠥᠪᠯᠡᠨ | ᠵᠣᠬᠢᠴᠠᠭᠤᠯᠬᠤ᠂ ᠪᠦᠬᠦᠯᠢ ᠴᠣᠭᠴᠠ ᠪᠠᠷ ᠠᠬᠢᠭᠤᠯᠬᠤ᠂ ᠡᠭᠦᠷᠭᠡ ᠴᠢᠳᠠᠪᠬᠢ ᠶᠢ ᠰᠢᠮᠳᠠᠭᠤᠯᠤᠨ ᠨᠠᠶᠢᠳᠠᠪᠤᠷᠢᠵᠢᠭᠤᠯᠬᠤ | ᠦᠢᠯᠡᠳᠦᠯ ᠢ ᠨᠢ ᠰᠠᠶᠢᠲᠤᠷ ᠪᠠᠳᠠᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠡᠢ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠨᠢ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ | ᠣᠨᠣᠪᠴᠢᠲᠠᠢ ᠡᠵᠡᠮᠳᠡᠵᠦ᠂ ᠶᠡᠭᠡ ᠶᠠᠪᠤᠳᠠᠯ ᠢ ᠲᠥᠯᠥᠪᠯᠡᠬᠦ᠂ ᠶᠡᠭᠡ ᠶᠠᠪᠤᠳᠠᠯ ᠢ ᠵᠥᠪᠯᠡᠬᠦ᠂ ᠶᠡᠭᠡ ᠶᠠᠪᠤᠳᠠᠯ ᠢ ᠠᠳᠬᠤᠬᠤ ᠶᠢ | ᠪᠠᠷᠢᠮᠲᠠᠯᠠᠵᠤ᠂ ᠴᠢᠬᠤᠯᠠ ᠶᠡᠭᠡ ᠠᠵᠢᠯ ᠳᠤ ᠨᠡᠩ ᠪᠦᠲᠦᠮᠵᠢᠲᠡᠢ ᠶᠡᠷᠦᠩᠬᠡᠶᠢᠯᠡᠭᠰᠡᠨ ᠵᠢᠯᠣᠭᠤᠳᠤᠯᠭ᠎ᠠ ᠪᠠ ᠵᠣᠬᠢᠴᠠᠭᠤᠯᠭ᠎ᠠ ᠶᠢ | ᠬᠡᠷᠡᠭᠵᠢᠭᠦᠯᠵᠦ᠂ ᠨᠢᠭᠡᠳᠦᠯᠲᠡᠢ ᠲᠥᠯᠥᠪᠯᠡᠬᠦ ᠠᠴᠠ ᠪᠢᠰᠢ ᠲᠡᠭᠦᠨ ᠢ ᠣᠷᠣᠯᠠᠨ ᠪᠡᠶᠡᠯᠡᠭᠦᠯᠬᠦ ᠦᠭᠡᠢ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠠᠴᠠ ᠪᠢᠰᠢ ᠡᠷᠬᠡ ᠳᠠᠪᠠᠭᠤᠯᠤᠨ ᠬᠡᠷᠡᠭᠵᠢᠭᠦᠯᠬᠦ ᠪᠢᠰᠢ ᠪᠠᠶᠢᠬᠤ ᠬᠡᠷᠡᠭᠲᠡᠢ᠃ ᠭᠦᠨᠵᠡᠭᠡᠢ | ᠪᠠᠶᠢᠴᠠᠭᠠᠨ ᠰᠤᠳᠤᠯᠤᠯᠲᠠ ᠬᠢᠵᠦ᠂ ᠰᠢᠢᠳᠪᠦᠷᠢᠲᠦ ᠪᠣᠳᠣᠯᠭ᠎ᠠ ᠲᠣᠭᠲᠠᠭᠠᠨ ᠬᠡᠷᠡᠭ ᠵᠥᠪᠯᠡᠬᠦ ᠶᠢᠨ ᠴᠢᠨᠠᠷ ᠴᠢᠨᠰᠠᠭ᠎ᠠ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠪᠣᠳᠠᠲᠠᠢ ᠲᠠᠢ ᠨᠡᠶᠢᠴᠡᠭᠰᠡᠨ᠂ ᠪᠦᠲᠦᠮᠵᠢᠲᠡᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠳᠤᠷᠠᠳᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠠᠵᠢᠯ ᠤᠨ ᠪᠣᠳᠠᠲᠤ ᠦᠷ᠎ᠡ | ᠪᠦᠲᠦᠮᠵᠢ ᠶᠢ ᠡᠷᠬᠢᠮᠯᠡᠬᠦ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | |