ᠪᠤᠭᠤᠲᠤ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠡᠭᠦᠷᠡᠰᠦᠳᠦ᠋ᠷᠦᠭᠴᠢ ᠦᠭᠡᠢ ᠬᠦᠷᠢᠶᠡᠯᠡᠩ ᠳᠣᠭᠤᠷᠢᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠤᠷᠢᠭ ᠢ ᠥᠷᠭᠡᠳᠬᠡᠬᠦ ᠴᠣᠬᠤᠯᠠᠪᠤᠷᠢ ᠶᠢ ᠤᠯᠪᠠ
ᠨᠡᠶᠢᠲᠡᠯᠡᠭᠰᠡᠨ ᠴᠠᠭ᠄
2025/6/7
      6 ᠰᠠᠷ᠎ᠠ ᠶᠢᠨ 5 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠪᠤᠭᠤᠲᠤ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠷᠠᠭᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠥᠷᠭᠡᠳᠬᠡᠬᠦ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ᠳᠤ ᠴᠣᠬᠤᠯᠠᠪᠤᠷᠢ ᠥᠭᠴᠦ᠂ ᠪᠤᠭᠤᠲᠤ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠲᠣᠭᠤᠷᠢᠭ ᠢ ᠥᠷᠭᠡᠳᠬᠡᠬᠦ ᠶᠢ ᠵᠥᠪᠰᠢᠶᠡᠷᠡᠪᠡ᠃      ᠲᠣᠰ ᠤᠳᠠᠭ᠎ᠠ ᠪᠤᠭᠤᠲᠤ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠢ ᠥᠷᠭᠡᠳᠬᠡᠬᠦ ᠵᠥᠪᠰᠢᠶᠡᠷᠡᠯ ᠣᠯᠣᠭᠰᠠᠨ ᠤ ᠳᠠᠷᠠᠭ᠎ᠠ᠂ ᠤᠤᠯ ᠤᠨ ᠰᠢᠪᠠᠷᠭᠦ᠋ᠷᠢᠶ᠎ᠡ ᠠᠵᠤ ᠦᠢᠯᠡᠳᠪᠦᠷᠢ ᠶᠢᠨ ᠬᠦᠷᠢᠶᠡᠯᠡᠩ ᠢ ᠲᠣᠭᠤᠷᠢᠭ ᠤᠨ ᠬᠡᠪᠴᠢᠶᠡᠨ ᠳᠤ ᠣᠷᠣᠭᠤᠯᠵᠤ᠂ ᠣᠷᠣᠨ ᠪᠦᠰᠡ ᠶᠢᠨ ᠲᠠᠯᠠᠪᠠᠢ ᠶᠢ 6.64 ᠲᠡᠭᠰᠢ ᠳᠥᠷᠪᠡᠯᠵᠢᠨ ᠺᠢᠯᠦᠮᠧᠲᠷ ᠥᠷᠭᠡᠳᠬᠡᠬᠦ ᠪᠠᠷ ᠲᠥᠯᠥᠪᠯᠡᠵᠦ᠂ ᠲᠦᠷᠪᠡᠨ ᠲᠠᠯ᠎ᠠ ᠶᠢᠨ ᠬᠡᠪᠴᠢᠶ᠎ᠡ ᠶᠢ ᠤᠮᠠᠷᠠᠰᠢ S104᠂ ᠡᠮᠦᠨᠡᠰᠢ ᠪᠠᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠯᠤᠨ ᠦᠴᠤᠸᠠᠨ ᠰᠢᠶᠠᠨ ᠤ ᠠᠭᠤᠯᠵᠠᠷ ᠭᠠᠵᠠᠷ᠂ ᠪᠠᠷᠠᠭᠤᠨᠰᠢ ᠪᠠᠨ ᠰᠢᠪᠠᠷᠭᠦ᠋ᠷᠢᠶ᠎ᠡ ᠪᠠᠯᠭᠠᠰᠤ ᠶᠢᠨ ᠪᠠᠯᠭᠠᠰᠤᠨ ᠲᠣᠭᠤᠷᠢᠭ᠂ ᠵᠡᠭᠦᠨᠰᠢ S104 ᠬᠦᠷᠴᠦ᠂ ᠲᠣᠭᠤᠷᠢᠭ ᠢ ᠥᠷᠭᠡᠳᠬᠡᠭᠰᠡᠨ ᠤ ᠳᠠᠷᠠᠭ᠎ᠠ ᠶᠡᠷᠦᠩᠬᠡᠢ ᠲᠠᠯᠠᠪᠠᠢ 16.83 ᠲᠡᠭᠰᠢ ᠳᠥᠷᠪᠡᠯᠵᠢᠨ ᠺᠢᠯᠦᠮᠧᠲᠷ ᠲᠤ ᠬᠥᠷᠴᠥ᠂ ︽ᠨᠢᠭᠡ ᠲᠣᠭᠤᠷᠢᠭ ᠲᠦᠷᠪᠡᠨ ᠬᠦᠷᠢᠶᠡᠯᠡᠩ︾ ᠤᠨ ᠶᠡᠷᠦᠩᠬᠡᠢ ᠪᠠᠶᠢᠷᠢᠰᠢᠭᠤᠯᠤᠯᠲᠠ ᠪᠠᠷ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠢ ᠳᠡᠮᠵᠢᠪᠡ᠃      ᠳᠠᠷᠠᠭᠠᠴᠢ ᠶᠢᠨ ᠠᠯᠬᠤᠮ ᠳᠤ᠂ ᠪᠤᠭᠤᠲᠤ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠡᠭᠦᠷᠡᠰᠦᠳᠦ᠋ᠷᠦᠭᠴᠢ ᠦᠭᠡᠢ ᠬᠦᠷᠢᠶᠡᠯᠡᠩ ᠳᠣᠭᠤᠷᠢᠭ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠳᠣᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠱᠤᠭᠤᠮ ᠤᠨ ᠲᠣᠭᠤᠷᠢᠨ ᠳᠤ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠤᠨ᠎ᠠ᠃ ᠡᠭᠦᠨ ᠤ ᠬᠠᠮᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠢ ᠬᠥᠮᠦᠵᠢᠭᠦᠯᠬᠦ ᠶᠢ ᠴᠢᠬᠤᠯᠠᠴᠢᠯᠠᠵᠤ᠂ ᠤᠶᠤᠨᠴᠢᠯᠠᠭᠰᠠᠨ᠂ ᠪᠣᠬᠢᠷᠲᠤᠯ ᠦᠭᠡᠢ ᠲᠡᠰᠢ ᠬᠡᠯᠪᠡᠷᠢ ᠪᠠᠨ ᠬᠤᠪᠢᠷᠠᠭᠤᠯᠵᠤ᠂ ᠠᠵᠤ ᠦᠢᠯᠡᠳᠪᠦᠷᠢ ᠶᠢ ᠬᠥᠭᠵᠢᠭᠦᠯᠬᠦ ᠶᠢᠨ ᠬᠠᠮᠲᠤ᠂ ᠭᠠᠵᠠᠷ ᠰᠢᠷᠣᠢ ᠶᠢ ᠡᠷᠴᠢᠮᠵᠢᠭᠦᠯᠦᠨ ᠠᠰᠢᠭᠯᠠᠬᠤ᠂ ᠤᠰᠤᠨ ᠤ ᠡᠬᠢ ᠪᠠᠶᠠᠯᠢᠭ ᠢ ᠠᠰᠢᠭᠯᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠠᠵᠢᠯ ᠢ ᠬᠠᠤᠯᠢ ᠶᠣᠰᠣᠭᠠᠷ ᠡᠮᠬᠢ ᠵᠢᠷᠤᠮ ᠲᠠᠢ ᠰᠠᠶᠢᠲᠤᠷ ᠬᠢᠵᠦ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号