ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠭᠠᠵᠠᠷ ᠣᠷᠣᠨ ᠤ | ᠰᠣᠶᠣᠯ ᠤᠨ ᠥᠩᠭᠡ ᠦᠵᠡᠮᠵᠢ ᠶᠢ ᠳᠡᠭᠡᠭᠰᠢᠯᠡᠭᠦᠯᠵᠦ᠂ ᠳᠠᠷᠬᠠᠨ ᠮᠤᠤᠮᠢᠩᠭᠠᠨ ᠤ ᠰᠣᠶᠣᠯ ᠲᠡᠦᠬᠡ ᠶᠢᠨ ᠠᠵᠢᠯ ᠢ | ᠰᠠᠶᠢᠲᠤᠷ ᠬᠢᠬᠦ ᠶᠢᠨ ᠲᠥᠯᠥᠭᠡ᠂ 2025 ᠣᠨ ᠤ 3 ᠰᠠᠷ᠎ᠠ ᠶᠢᠨ 1 ᠤ ᠡᠳᠦᠷ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠴᠠ ᠲᠦᠷᠦᠭᠦᠯᠡᠨ ᠲᠥᠰᠦᠪᠯᠡᠵᠦ᠂ | ᠳᠠᠷᠬᠠᠨ ᠮᠤᠤᠮᠢᠩᠭᠠᠨ ᠤ ᠬᠤᠯᠪᠣᠭᠠᠲᠤ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠵᠢᠴᠢ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ | ᠳᠤᠷᠠᠳᠤᠭᠰᠠᠨ ᠰᠣᠶᠣᠯ ᠲᠡᠦᠬᠡ ᠶᠢᠨ ᠵᠥᠪᠯᠡᠯ ᠠᠴᠠ ᠬᠠᠮᠲᠤᠷᠠᠨ ︽︿ᠮᠢᠨᠦ ᠳᠠᠷᠬᠠᠨ ᠮᠤᠤᠮᠢᠩᠭᠠᠨ ᠤ ᠬᠤᠪᠢ | ᠪᠠᠷᠢᠯᠳᠤᠯᠭ᠎ᠠ﹀ ᠤᠳᠬ᠎ᠠ ᠵᠣᠬᠢᠶᠠᠯ ᠡᠯᠰᠡᠬᠦ ᠮᠡᠳᠡᠭᠳᠡᠯ︾ ᠢ ᠨᠡᠶᠢᠲᠡᠯᠡᠵᠦ᠂ ᠪᠥᠬᠦ ᠤᠯᠤᠰ ᠲᠤ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠰᠦᠷ ᠵᠢᠪᠬᠤᠯᠠᠩᠲᠤ ᠪᠠᠶᠢᠭᠠᠯᠢ ᠶᠢᠨ ᠥᠩᠭᠡ ᠦᠵᠡᠮᠵᠢ᠂ ᠭᠦᠨ ᠵᠤᠵᠠᠭᠠᠨ ᠰᠣᠶᠣᠯ | ᠢᠷᠭᠡᠨᠰᠢᠯ ᠤᠨ ᠦᠵᠡᠮᠵᠢ᠂ ᠥᠨᠢ ᠤᠳᠠᠭᠠᠨ ᠲᠡᠦᠬᠡ ᠰᠣᠶᠣᠯ ᠪᠠ ᠥᠪᠡᠷᠮᠢᠴᠡ ᠣᠨᠴᠠᠯᠢᠭ ᠲᠠᠢ ᠦᠨᠳᠦᠰᠦᠲᠡᠨ ᠤ | ᠵᠠᠩ ᠵᠠᠩᠰᠢᠯ ᠢ ᠵᠢᠷᠤᠭᠯᠠᠬᠤ ᠵᠢᠴᠢ ᠳᠠᠷᠬᠠᠨ ᠮᠤᠤᠮᠢᠩᠭᠠᠨ ᠤ ᠬᠤᠯᠪᠣᠭᠠᠲᠤ ᠬᠤᠰᠢᠭᠤᠨ ᠤ ᠣᠶᠢᠷ᠎ᠠ ᠶᠢᠨ ᠵᠢᠯ ᠤᠨ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠤᠪᠢᠷᠠᠯᠲᠠ ᠰᠢᠨ᠎ᠡ ᠳᠦᠷᠰᠦ ᠪᠠᠶᠢᠳᠠᠯ ᠢ | ᠲᠤᠰᠬᠠᠭᠰᠠᠨ ᠰᠢᠯᠢᠳᠡᠭ ᠤᠳᠬ᠎ᠠ ᠵᠣᠬᠢᠶᠠᠯ ᠤᠨ ᠪᠦᠲᠦᠭᠡᠯ ᠢ ᠴᠤᠭᠯᠠᠭᠤᠯᠪᠠ᠃ | 4 ᠰᠠᠷ᠎ᠠ ᠶᠢᠨ 30 ᠤ ᠡᠳᠦᠷ ᠪᠣᠯᠲᠠᠯ᠎ᠠ᠂ ᠲᠣᠰ ᠤᠳᠠᠭᠠᠨ ᠤ ᠡᠯᠰᠡᠭᠰᠡᠨ ᠡᠬᠡ ᠪᠢᠴᠢᠭ ᠢ ᠪᠥᠬᠦ ᠤᠯᠤᠰ ᠤᠨ | ᠡᠯ᠎ᠡ ᠭᠠᠵᠠᠷ ᠠᠴᠠ ᠢᠷᠡᠭᠰᠡᠨ 500 ᠭᠠᠷᠤᠶ ᠡᠬᠡ ᠪᠢᠴᠢᠭ ᠢ ᠬᠤᠷᠢᠶᠠᠨ ᠣᠯᠵᠤ᠂ ᠨᠠᠶᠢᠷᠠᠭᠤᠯᠬᠤ ᠺᠣᠮᠢᠰ ᠠᠴᠠ 5 | ᠰᠠᠷ᠎ᠠ ᠶᠢᠨ ᠰᠡᠭᠦᠯᠴᠢ ᠪᠠᠷ ᠬᠢᠨᠠᠨ ᠲᠣᠭᠲᠠᠭᠠᠬᠤ ᠺᠣᠮᠢᠰ ᠵᠣᠬᠢᠶᠠᠨ ᠪᠠᠶᠢᠭᠤᠯᠵᠤ᠂ ᠪᠥᠬᠦ ᠡᠬᠡ ᠪᠢᠴᠢᠭ ᠢ ᠬᠢᠨᠠᠨ | ᠲᠣᠭᠲᠠᠭᠠᠵᠤ ᠰᠢᠯᠢᠨ ᠰᠣᠩᠭᠤᠵᠤ᠂ ᠨᠡᠶᠢᠲᠡ 52 ᠨᠡᠷᠡᠰ ︵ᠣᠨᠴᠠ ᠤᠷᠢᠭᠰᠠᠨ ᠪᠠᠭᠲᠠᠨ᠎ᠠ︶ ᠵᠣᠬᠢᠶᠠᠯᠴᠢ᠂ | ᠰᠢᠯᠦᠭᠴᠢ ᠶᠢᠨ ᠰᠢᠯᠢᠳᠡᠭ ᠡᠬᠡ ᠪᠢᠴᠢᠭ ᠰᠣᠩᠭᠤᠨ ᠭᠠᠷᠭᠠᠪᠠ᠂ ᠡᠳᠦᠭᠡ ᠨᠡᠷᠡᠰ ᠢ ᠨᠡᠶᠢᠳᠡᠯᠡᠶ᠎ᠡ᠃ | |