6 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ | ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠤᠨ ᠨᠠᠶᠢᠳᠠᠯᠭ᠎ᠠ ᠪᠠᠷ᠂ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ ᠬᠤᠷᠠᠯ ᠢ | ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠭᠤᠤ ᠹᠸᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠳ᠋ᠤᠸᠠᠨ ᠸᠧᠨ ᠶᠤᠸᠠᠨ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ | ᠮᠡᠳᠡᠭᠳᠡᠪᠡ᠃ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ | ᠬᠤᠸᠠᠩ ᠯᠦᠩ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠵᠢᠴᠢ ᠶᠡᠷᠦᠩᠬᠡᠶ ᠱᠦᠵᠢ ᠥᠪᠥᠷ ᠮᠣᠩᠭᠤᠯ ᠪᠣᠯᠤᠨ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠳᠤ ᠰᠤᠷᠲᠠᠯ ᠤᠨ ᠪᠠᠶᠢᠭᠤᠯᠤᠯᠲᠠ ᠳᠤ ᠳᠤᠷᠠᠳᠤᠭᠰᠠᠨ | ᠴᠢᠬᠤᠯᠠ ᠱᠠᠭᠠᠷᠳᠠᠯᠭ᠎ᠠ ᠶᠢ ᠳᠠᠬᠢᠨ ᠡᠷᠭᠢᠴᠡᠭᠦᠯᠪᠡ᠃ ᠬᠤᠸᠠᠩ ᠯᠦᠩ ᠴᠢᠬᠤᠯᠠᠴᠢᠯᠠᠭᠰᠠᠨ ᠨᠢ᠂ ᠨᠠᠮ ᠳᠤ ︽ | ᠦᠨᠡᠨᠴᠢ ᠰᠢᠳᠤᠷᠭᠤ︾ ᠪᠠᠶᠢᠬᠤ ᠶᠢ ᠪᠠᠲᠤᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠵᠤᠷᠪᠤᠰ ᠤᠨ ᠵᠣᠷᠢᠭ ᠰᠠᠨᠠᠭ᠎ᠠ ᠶᠢ ᠦᠷᠭᠦᠯᠵᠢᠯᠡᠨ ᠰᠤᠷᠤᠯᠴᠠᠨ ᠰᠡᠳᠬᠢᠵᠦ | ᠦᠢᠯᠡᠳᠦᠯᠭᠡᠵᠢᠭᠦᠯᠦᠨ ᠣᠶᠢᠯᠠᠭᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ | ᠠᠷᠠᠳ ᠲᠦᠮᠡᠨ ᠳᠤ ︽ᠠᠴᠢ ᠬᠠᠷᠢᠭᠤᠯᠠᠬᠤ ᠰᠡᠳᠬᠢᠯ︾ ᠢ ᠪᠠᠲᠤᠯᠠᠵᠤ᠂ ᠤᠯᠠᠨ ᠲᠦᠮᠡᠨ ᠳᠤ ᠪᠣᠳᠠᠲᠠᠢ ᠶᠠᠪᠤᠳᠠᠯ | ᠬᠢᠵᠦ᠂ ᠬᠦᠴᠢᠷ ᠠᠰᠠᠭᠤᠳᠠᠯ ᠢ ᠰᠡᠳᠬᠢᠯ ᠲᠠᠯᠪᠢᠨ ᠰᠢᠢᠳᠪᠦᠷᠢᠯᠡᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ ᠠᠷᠠᠳ ᠤᠯᠠᠨ ᠤ ᠬᠦᠷᠲᠡᠮᠵᠢ ᠶᠢᠨ | ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ | ᠬᠡᠷᠡᠭᠲᠡᠢ᠃ ᠠᠵᠢᠯ ᠦᠢᠯᠡᠰ ᠲᠡᠭᠡᠨ ︽ᠤᠷᠤᠭᠰᠢᠯᠠᠨ ᠳᠠᠪᠰᠢᠬᠤ︾ ᠣᠶᠢᠯᠠᠭᠠᠭᠳᠠᠬᠤᠨ ᠢ ᠴᠢᠩᠭᠠᠳᠬᠠᠵᠤ᠂ ︽ | ᠭᠠᠪᠢᠶ᠎ᠠ ᠦᠬᠡᠢ ᠪᠤᠯ ᠤᠰᠤᠯ᠂ ᠡᠩ ᠶᠡᠷᠦᠮᠳᠡᠭ ᠪᠤᠯ ᠪᠤᠷᠤᠭᠤ︾ ᠬᠡᠬᠦ ᠤᠶᠢᠯᠠᠭᠠᠭᠳᠠᠬᠤᠨ ᠢ ᠴᠢᠩᠭᠠᠳᠬᠠᠬᠤ᠂ | ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ᠂ ᠮᠢᠩᠭᠠᠨ ᠳ᠋ᠦᠩᠰᠢᠭᠤᠷ | ᠲᠥᠭᠦᠷᠢᠭ ᠤᠨ ᠲᠠᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠮᠢᠩᠭᠠᠨ ᠲᠦᠮᠡᠨ ᠲᠣᠨ ᠤ ᠲᠠᠰ ᠤᠨ | ᠠᠷᠠᠯᠵᠢᠶᠠᠨ ᠤ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠴᠢᠩᠭ᠎ᠠ ᠠᠳᠬᠤᠵᠤ᠂ | ᠴᠢᠬᠤᠯᠠ ᠶᠡᠭᠡ ᠲᠥᠷᠥᠯ ᠵᠦᠢᠯ᠂ ︽ᠬᠤᠤᠰ ᠬᠡᠯᠬᠢᠶ᠎ᠡ︾ ᠪᠠᠷ ᠠᠷᠠᠯᠵᠢᠶᠠᠴᠢᠨ ᠤᠷᠢᠬᠤ᠂ ︽ᠭᠤᠷᠪᠠ ᠪᠠᠶᠢᠵᠤ | ᠬᠤᠶᠠᠷ ᠢ ᠡᠷᠢᠬᠦ︾ ᠵᠡᠷᠭᠡ ᠠᠵᠢᠯ ᠢ ᠲᠦᠷᠭᠡᠳᠬᠡᠨ ᠠᠬᠢᠭᠤᠯᠵᠤ᠂ ᠬᠥᠭᠵᠢᠯᠲᠡ ᠶᠢᠨ ᠶᠡᠭᠡ ᠲᠠᠯ᠎ᠠ ᠳᠤ ᠢᠯᠡᠭᠦᠬᠡᠨ | ᠬᠤᠪᠢ ᠨᠡᠮᠡᠷᠢ ᠦᠵᠡᠭᠦᠯᠬᠦ ᠬᠡᠷᠡᠭᠲᠡᠶ᠃ ᠬᠠᠤᠯᠢ ᠰᠠᠬᠢᠯᠭ᠎ᠠ ᠳᠤ ︽ᠪᠢᠰᠢᠷᠡᠨ ᠵᠢᠷᠦᠬᠡᠰᠢᠶᠡᠬᠦ ᠰᠡᠳᠬᠢᠯᠭᠡ︾ ᠶᠢ | ᠪᠠᠲᠤᠯᠠᠵᠤ᠂ ᠪᠠᠭ᠎ᠠ ᠶᠠᠪᠤᠳᠠᠯ ᠪᠠᠭ᠎ᠠ ᠤᠴᠢᠷ ᠤᠨ ᠲᠠᠯ᠎ᠠ ᠠᠴᠠ ᠪᠣᠯᠪᠠᠰᠤᠷᠠᠯ ᠢᠶᠠᠨ ᠴᠢᠩᠭᠠᠳᠬᠠᠬᠤ ᠶᠢ ᠪᠠᠷᠢᠮᠲᠠᠯᠠᠵᠤ᠂ | ᠪᠠᠭ᠎ᠠ ᠶᠠᠪᠤᠳᠠᠯ ᠠᠴᠠ ᠥᠪᠡᠷ ᠢ ᠪᠠᠨ ᠲᠡᠭᠦᠯᠳᠡᠷᠵᠢᠭᠦᠯᠵᠦ᠂ ᠠᠯᠪᠠᠨ ᠤ ᠪᠠ ᠬᠤᠪᠢᠨ ᠤ ᠬᠢ ᠶᠢ ᠲᠤᠳᠤᠷᠬᠠᠢ | ᠢᠯᠭᠠᠵᠤ᠂ ᠨᠡᠶᠢᠲᠡ ᠶᠢᠨ ᠲᠥᠯᠥᠭᠡ ᠠᠮᠢ ᠪᠡᠶ᠎ᠡ ᠪᠠᠨ ᠤᠮᠠᠷᠲᠠᠵᠦ᠂ ᠨᠡᠶᠢᠲᠡ ᠶᠢᠨ ᠲᠥᠯᠥᠭᠡ ᠭᠤᠶᠠᠴᠢ ᠦᠭᠡᠢ | ᠪᠠᠶᠢᠬᠤ ᠶᠢ ᠪᠡᠶᠡᠯᠡᠭᠦᠯᠬᠦ ᠬᠡᠷᠡᠭᠲᠡᠢ᠃ | ᠪᠥᠬᠦ ᠰᠢᠶᠠᠨ ᠭᠠᠵᠠᠷ ᠤᠨ ᠲᠠᠰ ᠤᠨ ᠤᠳᠤᠷᠢᠳᠬᠤ ᠺᠠᠳ᠋ᠷ᠂ ᠡᠯ᠎ᠡ ᠰᠠᠯᠠᠭ᠎ᠠ ᠮᠥᠴᠢᠷ ᠪᠠᠶᠢᠭᠤᠯᠭ᠎ᠠ | ᠨᠢᠭᠡᠴᠡ ᠶᠢᠨ ᠳᠡᠳ᠋ ᠰᠠᠯᠠᠭᠠᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ᠂ ᠡᠯ᠎ᠡ ᠰᠤᠮᠤ ᠰᠢᠶᠠᠩ ᠪᠠᠯᠭᠠᠰᠤᠨ ᠤ | ᠤᠳᠤᠷᠢᠳᠬᠤ ᠪᠠᠭ ᠵᠢᠴᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠬᠢᠨ | ᠬᠤᠷᠠᠯ ᠳᠤ ᠣᠷᠣᠯᠴᠠᠵᠠᠶ᠃ |