ᠨᠠᠮ ᠤᠨ ᠰᠡᠳᠭᠢᠯ ᠡᠭᠦᠷᠢᠳᠡ  ᠮᠦᠩᠭᠡᠷᠡᠵᠦ ᠡᠪ ᠬᠠᠮᠲᠤ ᠨᠠᠮ ᠤᠨ ᠭᠡᠰᠢᠭᠦᠨ ᠪᠠᠢ ᠭᠦᠸᠧ ᠶᠢᠩ ᠤᠨ ᠤᠭ ᠰᠠᠨᠠᠭ᠎ᠠ ᠭᠠᠯ ᠪᠠᠮᠪᠠᠷ ᠮᠡᠲᠦ  ᠲᠦᠷᠡᠯᠵᠡᠨ᠎ᠡ
ᠨᠡᠶᠢᠲᠡᠯᠡᠭᠰᠡᠨ ᠴᠠᠭ᠄
2025/7/1
      ᠨᠠᠮ ᠳᠤ ᠣᠷᠣᠭᠠᠳ 53 ᠵᠢᠯ ᠪᠣᠯᠵᠤ᠂ 53 ᠵᠢᠯ ᠤᠨ ᠭᠡᠷᠡᠯ ᠬᠢᠯᠪᠠᠭ᠎ᠠ ᠪᠠᠳᠠᠷᠠᠨ᠂ 53 ᠵᠢᠯ  ᠤᠭ ᠰᠠᠨᠠᠭ᠎ᠠ  ᠪᠠᠨ ᠮᠠᠷᠳᠠᠭᠰᠠᠨ ᠦᠬᠡᠢ᠂ 53 ᠵᠢᠯ ᠢᠲᠡᠭᠡᠯ ᠪᠢᠰᠢᠷᠡᠯ ᠡᠷᠡᠰ ᠪᠠᠲᠤ ᠶᠠᠪᠤᠭᠰᠠᠨ ᠶᠤᠮ᠃ 53 ᠵᠢᠯ ᠢᠶᠠᠷ ᠡᠨᠡ ᠬᠦ ᠠᠬᠠᠮᠠᠳ ᠨᠠᠮ ᠤᠨ ᠭᠡᠰᠢᠭᠦᠨ ᠤ ᠨᠠᠮ ᠤᠨ ᠲᠥᠯᠥᠭᠡ ᠠᠵᠢᠯᠯᠠᠬᠤ᠂ ᠤᠯᠤᠰ ᠲᠠᠭᠠᠨ ᠬᠤᠪᠢ ᠨᠡᠮᠡᠷᠢ ᠦᠵᠡᠭᠦᠯᠬᠦ᠂ ᠠᠷᠠᠳ ᠲᠦᠮᠡᠨ ᠳᠤ ᠦᠢᠯᠡᠴᠢᠯᠡᠭᠰᠡᠨ ᠵᠢᠵᠢᠭ ᠰᠠᠵᠢᠭ ᠶᠠᠪᠤᠳᠠᠯ ᠢ ᠲᠡᠮᠳᠡᠭᠯᠡᠵᠦ᠂ ᠪᠠᠰᠠ ᠨᠠᠮ ᠪᠠ ᠤᠯᠤᠰ ᠤᠨ ᠠᠵᠢᠯ ᠦᠢᠯᠡᠰ ᠤᠨ ᠥᠷᠨᠢᠩᠭᠦᠢ ᠬᠥᠭᠵᠢᠯᠲᠡ ᠶᠢᠨ ᠠᠭᠤᠤ ᠶᠡᠭᠡ ᠲᠠᠪᠰᠢᠯᠳᠠ ᠶᠢ ᠭᠡᠷᠡᠴᠢᠯᠡᠪᠡ᠃ ᠲᠡᠷᠡ ᠨᠢᠭᠡ ᠲᠠᠯ᠎ᠠ ᠪᠠᠷ ᠦᠪᠡᠷ ᠤᠨ ᠦᠯᠢᠭᠡᠷ ᠢᠶᠠᠨ ᠶᠠᠷᠢᠵᠤ᠂ ᠨᠥᠭᠦᠭᠡ ᠲᠠᠯ᠎ᠠ ᠪᠠᠷ ᠨᠠᠮ ᠤᠨ ᠰᠦᠯᠳᠡ ᠪᠠᠨ ᠠᠷᠴᠢᠵᠤ᠂ ᠲᠡᠮᠦᠷᠯᠢᠭ ᠤᠨ ᠭᠠᠳᠠᠷᠭᠤ ᠶᠢᠨ ᠵᠢᠵᠢᠭ ᠵᠢᠷᠤᠭᠠᠰᠤ ᠨᠢ ᠭᠢᠯᠠᠯᠵᠠᠭᠰᠠᠨ ᠲᠤᠶᠠᠭᠠᠨ ᠳᠤ ᠲᠤᠰᠴᠤ᠂ ᠲᠡᠭᠦᠨ ᠤ ᠬᠠᠭᠠᠰ ᠵᠠᠭᠤᠨ ᠤ ᠨᠠᠮ ᠤᠨ ᠭᠡᠰᠢᠭᠦᠨ ᠤ ᠠᠮᠢᠳᠤᠷᠠᠯ ᠨᠢ ᠡᠭᠡᠯ ᠵᠢᠷ ᠤᠨ ᠳᠤᠮᠳᠠ ᠲᠡᠰᠪᠦᠷᠢ  ᠵᠤᠷᠢᠭ ᠢ ᠪᠠᠳᠠᠷᠠᠭᠤᠯᠵᠤ᠂  ᠪᠤᠳᠠᠳᠤ ᠠᠵᠢᠯᠯᠠᠭ᠎ᠠ ᠪᠠᠷ ᠦᠨᠡᠨᠴᠢ ᠰᠢᠳᠤᠷᠭᠤ ᠶᠢ ᠭᠡᠷᠡᠴᠢᠯᠡᠪᠡ᠃ ᠲᠡᠷᠡ ᠪᠤᠯ ᠳᠠᠷᠤᠶ 53 ᠵᠢᠯ ᠤᠨ ᠨᠠᠮ ᠤᠨ ᠨᠠᠮᠳᠠᠷ ᠲᠠᠢ ᠠᠬᠠᠮᠠᠳ ᠨᠠᠮ ᠤᠨ ᠬᠡᠰᠢᠬᠦᠨ ᠪᠠᠶ ᠭᠦᠸᠧ ᠶᠢᠩ  ᠪᠤᠯᠤᠨ᠎ᠠ᠃      1972 ᠤᠨ᠂  ᠪᠠᠢ ᠬᠦᠸᠧ ᠶᠢᠩ ᠪᠤᠯ  ᠪᠠᠭ᠎ᠠ ᠤᠩᠭᠤᠨ ᠰᠢᠶᠠᠩ ᠤᠨ ᠡᠷᠡᠬᠦᠯ ᠬᠠᠮᠠᠭᠠᠯᠠᠯ ᠤᠨ ᠬᠤᠷᠢᠶᠠᠨ ᠤ ᠨᠢᠬᠡᠨ ᠡᠮᠴᠢ ᠮᠦᠨ᠂ ᠪᠠᠭ᠎ᠠ ᠤᠩᠭᠤᠨ ᠰᠢᠶᠠᠩ ᠤᠨ ᠡᠷᠡᠬᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ ᠵᠠᠩ ᠳ᠋ᠢᠶᠠᠨ ᠶᠢᠩ ᠤᠨ ᠵᠤᠷᠢᠬᠵᠢᠭᠤᠯᠤᠯ ᠢᠶᠠᠷ ᠳᠤᠮᠳᠠᠳᠤ ᠤᠯᠤᠰ ᠤᠨ ᠡᠪ ᠬᠠᠮᠳᠤ ᠨᠠᠮ ᠳᠤ ᠤᠷᠤᠵᠠᠢ᠃  ︽  ᠮᠢᠨᠤ ᠨᠢᠭᠡ ᠨᠠᠰᠤᠨ ᠤ ᠬᠠᠮᠤᠭ ᠤᠨ ᠣᠮᠣᠭᠰᠢᠳᠠᠭ ᠶᠠᠪᠤᠳᠠᠯ ᠪᠣᠯ ᠳᠠᠷᠤᠢ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠭᠰᠠᠨ ᠶᠠᠪᠤᠳᠠᠯ ᠪᠣᠯᠤᠨ᠎ᠠ︾ ᠬᠡᠵᠦ ᠪᠠᠢ ᠭᠦᠸᠧ ᠶᠢᠩ ᠶᠠᠷᠢᠪᠠ ᠃  ᠪᠠᠭ᠎ᠠ ᠤᠩᠭᠤᠨ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶᠠᠨ ᠳᠤ ᠪᠠᠶᠢᠬᠤ ᠳᠠᠭᠠᠨ᠂ ᠪᠠᠶ ᠭᠦᠸᠧ ᠶᠢᠩ ᠥᠪᠡᠷ ᠢᠶᠠᠨ ᠰᠤᠷᠤᠯᠴᠠᠬᠤ ᠪᠠᠷ ᠳᠠᠮᠵᠢᠨ ᠥᠪᠡᠷ ᠤᠨ ᠡᠮᠨᠡᠯᠭᠡ ᠶᠢᠨ ᠮᠡᠷᠭᠡᠵᠢᠯ ᠢᠶᠠᠨ ᠳᠡᠭᠡᠭᠰᠢᠯᠡᠭᠦᠯᠵᠦ᠂ ᠥᠪᠥᠷ ᠮᠣᠩᠭᠤᠯ ᠤᠨ ᠠᠩᠬᠠᠳᠠᠭᠴᠢ ᠪᠦᠯᠦᠭ ᠵᠠᠬᠢᠳᠠᠯ ᠢᠶᠠᠷ ᠰᠤᠷᠤᠯᠴᠠᠬᠤ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ ᠪᠣᠯᠵᠠᠢ᠂ ᠡᠭᠦᠨ ᠠᠴᠠ ᠡᠬᠢᠯᠡᠨ ᠲᠡᠷᠡ ᠥᠪᠡᠷ ᠤᠨ ᠨᠠᠮ ᠪᠠ ᠠᠷᠠᠳ ᠲᠦᠮᠡᠨ ᠤ ᠲᠥᠯᠥᠭᠡ ᠲᠠᠰᠤᠷᠠᠯᠲᠠ ᠦᠭᠡᠢ ᠬᠤᠪᠢ ᠨᠡᠮᠡᠷᠢ ᠦᠵᠡᠭᠦᠯᠦᠭᠰᠡᠨ ᠨᠢᠭᠡ ᠨᠠᠰᠤ ᠪᠠᠨ ᠡᠬᠢᠯᠡᠭᠦᠯᠦᠭᠰᠡᠨ ᠪᠠᠶᠢᠨ᠎ᠠ᠃      ︽ᠪᠢ ᠡᠪᠡᠳᠴᠢᠯᠡᠪᠡᠯ ᠪᠠᠢ ᠡᠮᠴᠢ ᠶᠢᠨ ᠡᠮᠨᠡᠯᠭᠡ ᠳᠤ ᠡᠮ ᠶᠡᠬᠦᠯᠡᠬᠦ ᠪᠠᠷ ᠢᠷᠡᠳᠡᠭ᠂ ᠪᠠᠢ ᠡᠮᠴᠢ ᠶᠢᠨ ᠡᠮᠨᠡᠬᠦ ᠮᠡᠷᠭᠡᠵᠢᠯ ᠮᠠᠰᠢ ᠰᠠᠶᠢᠨ᠂  ᠲᠡᠷᠡ ᠮᠦᠷᠳᠡᠭᠡᠨ  ᠦᠢᠯᠡᠴᠢᠯᠡᠬᠦ ᠤᠪᠤᠷ ᠴᠤ  ᠲᠤᠳᠤᠨᠤ ᠪᠠᠶᠢᠳᠠᠭ︾ ᠭᠡᠵᠦ ᠰᠠᠭᠤᠭᠠᠯᠢ ᠠᠷᠠᠳ ᠠᠯᠳᠠᠨᠪᠤᠯᠠᠭ ᠤᠨ ᠦᠬᠡ  ᠶᠠᠷᠢᠶᠠᠨ ᠳᠤ ᠲᠠᠯᠠᠷᠬᠠᠯ ᠤᠨ ᠰᠡᠳᠬᠢᠯᠭᠡ ᠪᠠᠷ ᠪᠢᠯᠬᠠᠵᠤ ᠪᠠᠶᠢᠯ᠎ᠠ᠃      ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠪᠣᠯ ᠪᠠᠢ ᠭᠦᠸᠧ ᠶᠢᠩ ᠤᠨ ᠢᠮᠠᠭᠲᠠ ᠰᠡᠳᠬᠢᠯ ᠳᠡᠭᠡᠨ  ᠬᠠᠳᠠᠩᠰᠢᠭᠤᠯᠤᠭᠰᠠᠨ ᠲᠠᠩᠭᠠᠷᠢᠭ ᠮᠥᠨ᠃ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ᠂ ᠲᠡᠷᠡ ᠥᠪᠡᠷ ᠤᠨ ᠰᠠᠭᠤᠵᠤ ᠪᠠᠶᠢᠭ᠎ᠠ ᠴᠢᠯᠥᠭᠡᠯᠡᠯᠲᠡ ᠵᠡᠭᠡᠯᠢ ᠶᠢᠨ ᠨᠡᠶᠢᠭᠡᠮ ᠲᠣᠭᠤᠷᠢᠭ ᠲᠤ ᠨᠢᠭᠡ ᠡᠮᠨᠡᠬᠦ ᠭᠠᠵᠠᠷ ᠡᠷᠬᠢᠯᠡᠵᠦ᠂ ᠥᠪᠡᠷ ᠤᠨ ᠡᠮᠨᠡᠬᠦ ᠮᠡᠷᠭᠡᠵᠢᠯ ᠢᠶᠠᠷ ᠢᠶᠠᠨ ᠠᠷᠠᠳ ᠲᠦᠮᠡᠨ ᠳᠤ ᠦᠷᠭᠦᠯᠵᠢᠯᠡᠨ ᠦᠢᠯᠡᠴᠢᠯᠡᠵᠦ᠂  ᠡᠩᠭᠡᠷ ᠲᠤ ᠪᠠᠨ ︽ᠢᠷᠠᠭᠤ ᠠᠯᠳᠠᠷ ᠲᠠᠢ 50 ᠵᠢᠯ︾  ᠤᠨ ᠲᠡᠮᠳᠡᠭ ᠢ ᠬᠢᠯᠠᠯᠵᠠᠭᠤᠯᠤᠨ᠂  ᠡᠨᠡᠬᠦ ᠱᠠᠩᠨᠠᠯ ᠤᠨ ᠲᠡᠮᠳᠡᠭ ᠨᠢ ᠲᠡᠭᠦᠨ ᠳᠤ ᠬᠠᠮᠤᠭ ᠤᠨ ᠰᠠᠶᠢᠨ ᠨᠤᠲᠠᠯᠠᠯ  ᠪᠤᠯᠬᠤ ᠶᠤᠮ᠃      ᠬᠡᠳᠦ᠋ᠢᠪᠡᠷ 85 ᠨᠠᠰᠤᠲᠠᠢ ᠪᠣᠯᠪᠠᠴᠤ᠂ ᠪᠠᠢ ᠭᠦᠸᠧ ᠶᠢᠩ  ᠤᠯᠠᠨ ᠲᠦᠮᠡᠨ ᠤ ᠬᠦᠴᠢᠷᠳᠡᠯ  ᠳᠤ ᠰᠠᠨᠠᠭᠠᠴᠢᠯᠠᠭ᠎ᠠ ᠠᠴᠠ ᠪᠠᠨ ᠬᠠᠪᠰᠤᠷᠤᠯᠭ᠎ᠠ ᠦᠵᠡᠬᠦᠯᠳᠡᠭ᠃ ᠵᠠᠷᠢᠮ ᠬᠥᠮᠦᠨ ᠲᠡᠭᠦᠨ ᠠᠴᠠ᠂ ᠲᠠ ᠶᠠᠭᠤᠨ  ᠤ ᠲᠦᠯᠦᠭᠡ ᠨᠡᠶᠢᠭᠡᠮ ᠲᠣᠭᠤᠷᠢᠭ ᠲᠤ ᠶᠠᠭᠠᠷᠠᠯᠳᠠᠢ ᠠᠵᠢᠯᠯᠠᠳᠠᠭ ᠪᠤᠢ︖ ᠭᠡᠵᠦ ᠠᠰᠠᠭᠤᠬᠤ ᠳᠤ᠂ ᠪᠠᠢ ᠭᠦᠸᠧ ᠶᠢᠩ᠄ ︽ᠪᠢ ᠡᠳᠦᠢ ᠦᠨᠳᠦᠷ ᠨᠠᠰᠤᠨ ᠳᠤ ᠬᠦᠷᠦᠭᠰᠡᠨ ᠬᠦᠮᠦᠨ ᠶᠠᠭᠤ ᠶᠢ ᠴᠤ ᠭᠤᠷᠢᠳᠠᠬᠤ ᠦᠭᠡᠢ᠂ ᠬᠠᠷᠢᠨ ᠪᠡᠶ᠎ᠡ ᠡᠷᠡᠬᠦᠯ ᠲᠡᠩᠭᠡᠯᠡᠬᠦᠨ᠂ ᠴᠤᠭ ᠵᠢᠪᠬᠤᠭ᠎ᠠ ᠭᠦᠢᠴᠡᠳ ᠪᠠᠶᠢᠭ᠎ᠠ ᠪᠣᠯᠬᠤᠷ ᠣᠯᠠᠨ ᠳᠤ ᠢᠯᠡᠭᠦᠬᠡᠨ ᠠᠵᠢᠯ ᠬᠢᠵᠦ᠂ ᠪᠠᠭ᠎ᠠ ᠰᠠᠭ᠎ᠠ ᠬᠡᠷᠡᠭᠴᠡᠭᠡᠲᠡᠢ ᠠᠵᠢᠯ ᠬᠢᠬᠦ ᠶᠢ ᠪᠣᠳᠣᠵᠤ ᠪᠠᠶᠢᠨ᠎ᠠ᠃ ᠨᠢᠭᠡᠨ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠠᠷᠠᠳ ᠲᠦᠮᠡᠨ ᠳᠤ  ᠦᠢᠯᠡᠴᠢᠯᠡᠵᠦ ᠴᠢᠳᠠᠳᠠᠭ ᠯᠡ ᠶᠤᠮ ᠪᠣᠯ  ᠮᠠᠰᠢ  ᠪᠠᠶᠠᠷᠯᠠᠳᠠᠭ︾ ᠭᠡᠵᠦ ᠶᠠᠷᠢᠪᠠ᠃      ᠴᠢᠯᠥᠭᠡᠯᠡᠯᠲᠡ ᠵᠡᠭᠡᠯᠢ ᠶᠢᠨ ᠨᠡᠶᠢᠭᠡᠮ ᠲᠣᠭᠤᠷᠢᠭ ᠤᠨ ᠳᠡᠳ᠋ ᠱᠦᠵᠢ ᠵᠢᠢ ᠶᠢᠨ ᠯᠠᠨ᠄ ︽ᠪᠠᠢ ᠭᠦᠸᠧ ᠶᠢᠩ ᠡᠮᠴᠢ ᠠᠮᠢᠳᠤᠷᠠᠯ ᠤᠨ ᠳᠤᠮᠳᠠ ᠤᠯᠠᠨ ᠲᠦᠮᠡᠨ ᠲᠠᠢ ᠪᠦᠯᠬᠦᠮᠳᠡᠵᠦ᠂ ᠨᠡᠶᠢᠭᠡᠮ ᠲᠣᠭᠤᠷᠢᠭ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠯᠢᠳᠡᠭ ᠡᠪ ᠬᠠᠮᠲᠤ ᠨᠠᠮ ᠤᠨ ᠭᠡᠰᠢᠭᠦᠨ ᠤ ᠡᠷᠬᠢᠮ ᠳᠡᠭᠡᠳᠦ ᠵᠠᠩ ᠰᠤᠷᠲᠠᠯ ᠪᠣᠯᠤᠨ ᠤᠶᠤᠨ ᠰᠠᠨᠠᠭᠠᠨ ᠤ ᠠᠬᠤᠢ ᠪᠠᠶᠢᠳᠠᠯ ᠢ ᠢᠯᠡᠷᠡᠭᠦᠯᠪᠡ︾  ᠬᠡᠵᠦ ᠶᠠᠷᠢᠪᠠ᠃      ᠰᠤᠯᠠ ᠰᠡᠯᠡᠭᠦᠦ ᠴᠠᠭ ᠲᠤ᠂ ᠪᠠᠢ ᠭᠦᠸᠧ ᠶᠢᠩ ᠪᠠᠰᠠ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠭᠰᠠᠨ ᠡᠯ᠎ᠡ ᠲᠦᠷᠦᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠤᠷᠠᠨ ᠪᠢᠴᠢᠯᠭᠡ ᠤᠷᠠᠨ ᠵᠢᠷᠤᠭ ᠤᠨ ᠪᠠᠭ᠋ᠠᠲᠠᠳ ᠲᠠᠢ ᠭᠠᠷ ᠬᠤᠯᠪᠣᠨ ᠬᠠᠮᠲᠤᠷᠠᠯᠴᠠᠵᠤ᠂ ᠭᠤᠶᠤ ᠰᠠᠶᠢᠬᠠᠨ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠥᠪᠡᠷ ᠤᠨ ᠣᠨᠴᠠ ᠴᠢᠳᠠᠪᠤᠷᠢ ᠪᠠᠷ ᠢᠶᠠᠨ ᠨᠡᠶᠢᠭᠡᠮ ᠲᠣᠭᠤᠷᠢᠭ ᠤᠨ ᠰᠣᠶᠣᠯ ᠤᠨ ᠦᠢᠯᠡᠰ ᠲᠤ  ᠬᠦᠨ ᠵᠤᠵᠠᠭᠠᠨ ᠭᠡᠷᠡᠯ ᠭᠢᠯᠪᠠᠭ᠎ᠠ ᠨᠡᠮᠡᠷᠢᠯᠡᠭᠰᠡᠨ ᠪᠠᠶᠢᠨ᠎ᠠ᠃      ︽ᠠᠬᠠᠮᠠᠳ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠵᠠᠯᠠᠭᠤ ᠨᠠᠮ ᠤᠨ ᠭᠡᠰᠢᠭᠦᠳ ᠴᠦ ︿ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠶᠢ ᠪᠡᠶᠡᠯᠡᠭᠦᠯᠵᠦ᠂ ᠲᠡᠰᠪᠦᠷᠢ ᠬᠠᠲᠠᠭᠤᠵᠢᠯᠲᠠᠶ ᠲᠡᠮᠡᠴᠡᠬᠦ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠮᠠᠨ ᠤ ᠤᠯᠤᠰ ᠢᠶᠠᠨ ᠨᠠᠩ ᠬᠦᠴᠦᠷᠬᠡᠭ᠂ ᠨᠠᠩ ᠰᠠᠶᠢᠨ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠶᠢ ᠬᠦᠰᠡᠵᠦ ᠪᠠᠶᠢᠨ᠎ᠠ︕︾ ᠭᠡᠵᠦ  ᠪᠠᠢ ᠭᠦᠸᠧ ᠶᠢᠩ  ᠤᠮᠤᠭ ᠲᠡᠬᠦᠯᠳᠡᠷ ᠶᠠᠷᠢᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号