ᠮᠠᠯᠴᠢᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠵᠤ᠂ ᠮᠠᠯ ᠠᠵᠤ ᠠᠬᠤᠶ ᠶᠢᠨ ᠡᠷᠡᠭᠦᠯ | ᠲᠣᠭᠲᠠᠭᠤᠨ ᠬᠥᠭᠵᠢᠯᠲᠡ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠪᠠᠶ᠋ᠬᠠᠤᠪᠤᠭ᠎ᠠ ᠰᠤᠮᠤ ᠶᠡᠷᠦᠩᠬᠡᠶᠢᠯᠡᠭᠰᠡᠨ | ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠠᠮᠢᠲᠠᠨ ᠤ ᠬᠢᠵᠢᠭ ᠢ ᠰᠡᠷᠭᠡᠶᠢᠯᠡᠬᠦ ᠮᠡᠷᠭᠡᠵᠢᠯ ᠤᠨ ᠠᠵᠢᠯᠲᠠᠳ ᠢ | ᠵᠣᠬᠢᠶᠠᠨ ᠪᠠᠶᠢᠭᠤᠯᠵᠤ ᠪᠷᠦᠽᠧᠯ ᠤᠨ ᠰᠠᠪᠬᠠᠨᠴᠢᠷ ᠡᠪᠡᠳᠴᠢᠨ ᠲᠠᠢ ᠬᠤᠨᠢ ᠶᠢ ᠠᠯᠠᠵᠤ ᠤᠰᠠᠳᠬᠠᠬᠤ ᠠᠵᠢᠯ | ᠥᠷᠨᠢᠭᠦᠯᠪᠡ᠃ | ᠥᠯᠢᠭᠡᠷ ᠬᠡᠪ ᠠᠪᠬᠤ᠂ ᠬᠦᠷᠭᠡᠵᠦ ᠰᠢᠯᠭᠠᠨ ᠪᠠᠶᠢᠴᠠᠭᠠᠬᠤ᠂ ᠲᠤᠷᠰᠢᠯᠲᠠ ᠶᠢᠨ ᠲᠠᠰᠤᠭ ᠤᠨ ᠰᠢᠯᠭᠠᠨ | ᠪᠠᠶᠢᠴᠠᠭᠠᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠰᠤᠮᠤᠨ ᠤ | ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠠᠴᠠ ᠬᠢᠵᠢᠭ ᠰᠡᠷᠭᠡᠶᠢᠯᠡᠬᠦ ᠬᠦᠴᠦᠨ ᠢ ᠦᠳᠲᠡᠷ | ᠲᠦᠷᠭᠡᠨ ᠵᠣᠬᠢᠶᠠᠨ ᠪᠠᠶᠢᠭᠤᠯᠵᠤ᠂ ᠬᠤᠶᠠᠷ ᠵᠢᠵᠢᠭ ᠪᠠᠷᠠᠭᠠᠨ ᠤ ᠲᠡᠷᠭᠡ᠂ ᠨᠢᠭᠡ ᠮᠠᠯᠲᠠᠭᠤᠷ ᠮᠠᠰᠢᠨ ᠢ ᠰᠢᠯᠵᠢᠭᠦᠯᠦᠨ | ᠲᠣᠬᠢᠷᠠᠭᠤᠯᠵᠤ᠂ 4 ᠭᠠᠴᠠᠭᠠᠨ ᠤ 7 ᠡᠷᠦᠬᠡ ᠶᠢᠨ ᠨᠡᠶᠢᠳᠡ 63 ᠬᠤᠨᠢᠨ ᠤ ᠪᠷᠦᠽᠧᠯ ᠤᠨ ᠰᠠᠪᠬᠠᠨᠴᠢᠷ | ᠡᠪᠡᠳᠴᠢᠨ ᠢ ᠣᠨᠣᠰᠢᠯᠠᠨ ᠠᠯᠠᠵᠤ ᠤᠰᠠᠳᠬᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ᠃ ᠠᠯᠠᠵᠤ | ᠤᠰᠠᠳᠬᠠᠭᠰᠠᠨ ᠤ ᠳᠠᠷᠠᠭ᠎ᠠ᠂ ᠲᠡᠷᠡ ᠳᠠᠷᠤᠶ ᠳᠤᠨᠢ ᠭᠦᠨ ᠪᠤᠯᠠᠬᠤ᠂ ᠠᠷᠢᠭᠤᠳᠬᠠᠬᠤ ᠵᠡᠷᠭᠡ ᠠᠷᠭ᠎ᠠ ᠮᠠᠶ᠋ᠢᠭ ᠢᠶᠠᠷ | ᠬᠤᠤᠷ ᠥᠬᠡᠶ ᠪᠣᠯᠭᠠᠨ ᠰᠢᠢᠳᠪᠦᠷᠢᠯᠡᠬᠦ ᠶᠢᠨ ᠬᠠᠮᠲᠤ ᠲᠡᠭᠡᠭᠡᠪᠦᠷᠢ ᠶᠢᠨ ᠲᠡᠷᠭᠡ ᠬᠥᠰᠬᠡ᠂ ᠪᠠᠭᠠᠵᠢ ᠬᠡᠷᠡᠭᠰᠡᠯ᠂ | ᠬᠠᠰᠢᠶ᠎ᠠ ᠰᠠᠷᠠᠪᠴᠢ ᠵᠢᠴᠢ ᠲᠡᠵᠢᠭᠡᠨ ᠦᠷᠡᠵᠢᠭᠦᠯᠬᠦ ᠣᠷᠣᠨ ᠪᠦᠰᠡ ᠶᠢ ᠪᠥᠬᠦ ᠲᠠᠯ᠎ᠠ ᠪᠠᠷ ᠠᠷᠢᠭᠤᠳᠬᠠᠪᠠ᠃ | ᠡᠭᠦᠨ ᠤ ᠬᠠᠮᠲᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠠᠵᠢᠯᠲᠠᠳ | ᠲᠤᠬᠠᠶ ᠶᠢᠨ ᠲᠠᠯᠠᠪᠠᠶ ᠳᠤ ᠲᠡᠵᠢᠭᠡᠨ ᠦᠷᠡᠵᠢᠭᠦᠯᠬᠦ ᠡᠷᠦᠬᠡ ᠶᠢ ᠵᠢᠯᠣᠭᠤᠳᠤᠨ ᠠᠷᠢᠭᠤᠳᠬᠠᠬᠤ ᠶᠠᠪᠤᠴᠠ ᠶᠢ | ᠵᠢᠷᠤᠮᠵᠢᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠮᠢᠨᠴᠦᠭᠦᠷᠡᠬᠦ ᠦᠵᠡᠯ | ᠰᠠᠨᠠᠭ᠎ᠠ ᠶᠢ ᠬᠤᠷᠢᠭᠯᠠᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠤᠯᠠᠮ | ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ ᠭᠠᠳᠠᠷ ᠣᠷᠣᠨ ᠠᠴᠠ ᠦᠬᠡᠷ | ᠬᠤᠨᠢ ᠶᠢ ᠰᠢᠯᠵᠢᠭᠦᠯᠦᠨ ᠣᠷᠣᠭᠤᠯᠬᠤ ᠦᠶ᠎ᠡ ᠳᠤ ᠡᠷᠬᠡᠪᠰᠢ ᠪᠷᠦᠽᠧᠯ ᠤᠨ ᠰᠠᠪᠬᠠᠨᠴᠢᠷ ᠡᠪᠡᠳᠴᠢᠨ ᠢ ᠪᠠᠶᠢᠴᠠᠭᠠᠨ | ᠬᠡᠮᠵᠢᠬᠦ ᠶᠢ ᠴᠢᠩᠭ᠎ᠠ ᠬᠡᠷᠡᠭᠵᠢᠭᠦᠯᠵᠦ᠂ ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ | ᠭᠡᠵᠦ ᠴᠢᠬᠤᠯᠠᠴᠢᠯᠠᠪᠠ᠃ | ᠲᠠᠷᠠᠭᠠᠴᠢ ᠶᠢᠨ ᠠᠯᠬᠤᠮ ᠳᠤ᠂ ᠪᠠᠶᠠᠨ᠋ᠣ᠋ᠪᠣᠭ᠎ᠠ ᠰᠤᠮᠤ ᠪᠷᠦᠽᠧᠯ ᠤᠨ ᠰᠠᠪᠬᠠᠨᠴᠢᠷ ᠡᠪᠡᠳᠴᠢᠨ ᠢ ᠰᠡᠷᠭᠡᠶᠢᠯᠡᠨ | ᠡᠵᠡᠮᠳᠡᠬᠦ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠮᠠᠯᠵᠢᠬᠤ ᠡᠷᠦᠬᠡ ᠶᠢ ᠰᠢᠨᠵᠢᠯᠡᠬᠦ | ᠤᠬᠠᠭᠠᠨᠴᠢ ᠪᠠᠷ ᠵᠢᠯᠣᠭᠤᠳᠤᠨ ᠠᠮᠢᠲᠠᠨ ᠤ ᠬᠢᠵᠢᠭ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ᠂ ᠠᠷᠢᠭᠤᠳᠬᠠᠵᠤ ᠡᠬᠢ ᠡᠭᠦᠰᠦᠯ ᠢ ᠨᠢ ᠤᠰᠠᠳᠬᠠᠬᠤ᠂ ᠠᠮᠢᠲᠠᠨ ᠤ ᠡᠭᠡᠯᠢᠯᠡᠭᠡ᠂ ᠬᠤᠤᠷ | ᠥᠬᠡᠶᠢᠳᠡᠭᠦᠯᠦᠨ ᠰᠢᠢᠳᠪᠦᠷᠢᠯᠡᠬᠦ ᠵᠡᠷᠭᠡ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠮᠠᠯ ᠠᠵᠤ | ᠠᠬᠤᠶ ᠶᠢᠨ ᠡᠷᠡᠭᠦᠯ ᠢᠶᠠᠷ ᠬᠥᠭᠵᠢᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃ |