ᠬᠤᠲᠠ ᠬᠤᠰᠢᠭᠤ ᠬᠤᠶᠠᠷ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠠᠶᠤᠯᠭᠦᠶ ᠦᠢᠯᠡᠳᠪᠦᠷᠢᠯᠡᠯ ‍ᠤᠨ‌‍ᠲ᠋ᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/7/11
      ᠪᠤᠭᠤᠲᠤ ᠬᠤᠲᠠ ᠶᠢᠨ ᠠᠶᠤᠯᠭᠦᠶ ᠦᠢᠯᠡᠳᠪᠦᠷᠢᠯᠡᠯ ᠢ ᠬᠠᠪᠰᠤᠷᠤᠨ ᠲᠡᠳᠬᠦᠵᠦ ᠳᠠᠭᠠᠭᠠᠴᠢᠯᠠᠨ ᠬᠤᠯᠪᠣᠭᠠᠯᠠᠬᠤ ᠠᠷᠭ᠎ᠠ ᠬᠡᠮᠵᠢᠶ᠎ᠡ ᠪᠠ ᠲᠡᠮᠦᠷᠯᠢᠭ ᠬᠠᠶᠢᠯᠤᠭᠤᠯᠬᠤ ᠵᠡᠷᠭᠡ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ  ᠢ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠳᠥᠯᠭᠢᠨ ᠠᠬᠢᠭᠤᠯᠬᠤ ᠶᠢᠨ ᠲᠥᠯᠥᠭᠡ᠂  ᠲᠣᠰ ᠲᠣᠰ  7 ᠰᠠᠷ᠎ᠠ ᠶᠢᠨ 2 ᠤᠨ ᠡᠳᠦᠷ  ᠪᠤᠯᠤᠨ 4 ᠤ ᠡᠳᠦᠷ ᠂ ᠬᠤᠲᠠ ᠬᠤᠰᠢᠭᠤ ᠬᠤᠶᠠᠷ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠥᠪᠥᠷ ᠮᠣᠩᠭᠤᠯ ᠤᠨ ᠲᠦᠩ ᠸᠧᠶ ᠪᠣᠬᠢᠷᠲᠤᠯ ᠥᠬᠡᠶ ᠦᠨᠳᠦᠰᠦᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠵᠢᠶ ᠳ᠋ᠦᠩ ᠱᠦᠢᠨᠢ ᠶᠢᠨ ᠬᠢᠵᠠᠭᠠᠷᠲᠤ ᠺᠣᠮᠫᠠᠨᠢ  ᠵᠡᠷᠭᠡ ᠬᠤᠶᠠᠷ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠳᠤ ᠠᠶᠤᠯᠭᠦᠶ ᠦᠢᠯᠡᠳᠪᠦᠷᠢᠯᠡᠯ ᠤᠨ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠪᠡ᠃      ᠳᠠᠭᠠᠭᠠᠴᠢᠯᠠᠨ ᠬᠤᠯᠪᠣᠭᠠᠯᠠᠭᠰᠠᠨ ᠳᠤᠭᠤᠶᠢᠯᠠᠩ ᠤᠨ ᠬᠢᠨ ︽23456︾ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠠᠷᠢᠶ᠎ᠠ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ ᠮᠥᠴᠢᠷ ᠤᠨ ᠳᠠᠭᠠᠭᠠᠴᠢᠯᠠᠨ ᠬᠤᠯᠪᠣᠭᠠᠯᠠᠭᠰᠠᠨ ᠠᠵᠢᠯᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠪᠡ᠃ ᠪᠠᠶᠢᠴᠠᠭᠠᠵᠤ ᠰᠡᠯᠪᠢᠨ ᠵᠠᠰᠠᠬᠤ ᠠᠵᠢᠯ᠂ ᠭᠠᠳᠠᠭᠰᠢ ᠳᠠᠭᠠᠭᠠᠴᠢᠯᠠᠭᠤᠯᠬᠤ ᠠᠵᠢᠯ ᠢ ᠳᠣᠭᠢᠷᠠᠭᠤᠯᠤᠨ ᠬᠠᠮᠢᠶᠠᠷᠬᠤ ᠪᠠ ︽ᠬᠠᠷᠠᠭᠠᠨ ᠳᠠᠪᠲᠠᠮᠵᠢ ᠥᠬᠡᠶ ᠪᠤᠯ ᠠᠵᠢᠯᠯᠠᠬᠤ ᠥᠬᠡᠶ︾ ᠪᠠᠶᠢᠳᠠᠯ︔ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠳᠠᠯ᠂ ᠣᠨᠴᠠᠭᠠᠶᠢᠯᠠᠨ ᠬᠦᠨᠳᠦ ᠶᠡᠭᠡ ᠭᠡᠮ ᠰᠣᠭᠤᠭ ᠢ ᠮᠠᠭᠠᠳᠯᠠᠬᠤ ᠪᠠᠷᠢᠮᠵᠢᠶ᠎ᠠ  ᠶᠢ ᠰᠤᠷᠤᠭᠰᠠᠨ ᠪᠠ ᠭᠡᠷᠡᠭᠯᠡᠭᠰᠡᠨ ᠪᠠᠶᠢᠳᠠᠯ ᠪᠣᠯᠤᠨ ᠠᠵᠤ ᠠᠬᠤᠶᠢᠯᠠᠯ ᠤᠨ ᠳᠣᠲᠣᠭᠠᠳᠤ ᠶᠢᠨ ᠮᠡᠳᠡᠭᠦᠯᠦᠯᠲᠡ ᠶᠢᠨ ᠱᠠᠩᠨᠠᠯ ᠤᠨ ᠲᠣᠭᠲᠠᠴᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ︔ ᠬᠢᠨᠠᠨ ᠬᠠᠮᠢᠶᠠᠷᠬᠤ ᠬᠦᠷᠢᠶᠡᠨ ᠳᠠᠬᠢ ᠠᠶᠤᠯ ᠥᠬᠡᠶ ᠦᠢᠯᠡᠳᠪᠦᠷᠢᠯᠡᠯ ᠤᠨ ᠲᠤᠤᠷᠵᠢᠭᠤᠯᠤᠬᠰᠠᠨ ᠬᠠᠮᠢᠶᠠᠷᠤᠯᠳᠠ ᠲᠣᠭᠲᠠᠴᠠ ᠶᠢ ᠪᠠᠶᠢᠭᠤᠯᠤᠭᠰᠠᠨ ᠪᠠᠶᠢᠳᠠᠯ᠃      ᠳᠠᠭᠠᠭᠠᠴᠢᠯᠠᠨ ᠬᠤᠯᠪᠣᠭᠠᠯᠠᠬᠤ ᠳᠤᠭᠤᠶᠢᠯᠠᠩ ᠨᠢ ᠬᠢᠵᠠᠭᠠᠷ ᠲᠠᠢ ᠣᠷᠣᠨ ᠵᠠᠢ᠂ ᠲᠣᠭᠤᠰᠣ ᠨᠢ ᠳᠡᠯᠪᠡᠷᠡᠯᠲᠡ ᠶᠢ ᠡᠬᠦᠰᠬᠡᠬᠦ ᠪᠣᠯ ᠶᠡᠷᠦ ᠠᠴᠠ ᠠᠳᠡᠯ ᠣᠯᠠᠨ ᠭᠠᠷᠳᠠᠭ ᠠᠶᠤᠯ ᠲᠦᠭᠰᠢᠭᠦᠷᠢ ᠶᠢᠨ ᠴᠡᠭ ᠮᠥᠨ᠂ ᠠᠵᠤ ᠠᠬᠤᠶᠢᠯᠠᠯ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠃ ᠬᠡᠪ ᠤᠨ ᠪᠤᠰᠤ ᠠᠵᠢᠯ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠭᠤᠷᠠᠢ ᠭᠤᠭᠴᠤᠭ᠎ᠠ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠬᠠᠷᠠᠭᠠᠨ ᠳᠠᠪᠲᠠᠮᠵᠢ ᠦᠭᠡᠢ  ᠪᠤᠯ ᠠᠵᠢᠯᠯᠠᠬᠤ ᠦᠭᠡᠢ ᠠᠵᠢᠯ ᠤᠨ ᠠᠷᠭ᠎ᠠ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠡᠪ ᠤᠨ ᠪᠤᠰᠤ ᠠᠵᠢᠯ ᠤᠨ ᠬᠢᠨᠠᠨ ᠵᠥᠪᠰᠢᠶᠡᠷᠡᠬᠦ ᠲᠦᠷᠢᠮ ᠢ ᠬᠦᠴᠦᠯᠡᠨ ᠲᠡᠭᠦᠯᠳᠡᠷᠵᠢᠭᠦᠯᠬᠦ ᠶᠢᠨ ᠬᠠᠮᠲᠤ ᠴᠢᠩᠭ᠎ᠠ ᠬᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠭᠤᠭᠴᠤᠭ᠎ᠠ ᠨᠢᠭᠡᠪᠦᠷᠢ ᠶᠢᠨ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠬᠠᠮᠢᠶᠠᠷᠤᠨ ᠡᠵᠡᠮᠳᠡᠬᠦ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃      ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠤᠷᠢᠭ᠎ᠠ ᠱᠤᠭᠤᠮ ᠤᠨ ᠰᠡᠳᠬᠢᠬᠦᠶ ᠶᠢ ᠦᠷᠭᠦᠯᠵᠢᠯᠡᠨ ᠪᠠᠲᠤ ᠰᠠᠬᠢᠵᠤ᠂ ᠠᠶᠤᠯᠭᠦᠶ ᠦᠢᠯᠡᠳᠪᠦᠷᠢᠯᠡᠯ ᠤᠨ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠶᠢ ᠴᠢᠩᠭ᠎ᠠ ᠨᠠᠶᠢᠳᠠᠪᠤᠷᠢᠵᠢᠭᠤᠯᠤᠨ᠂  ᠦᠢᠯᠡᠴᠢᠯᠡᠭᠡᠨ ᠤ ᠣᠶᠢᠯᠠᠭᠠᠭᠳᠠᠬᠤᠨ ᠢ ᠴᠢᠩᠭᠠᠳᠬᠠᠵᠤ᠂ ᠠᠵᠤ ᠠᠬᠤᠶᠢᠯᠠᠯ ᠢ ᠪᠥᠬᠦ ᠬᠦᠴᠦᠨ ᠢᠶᠠᠷ ᠢᠶᠠᠨ ᠵᠢᠯᠣᠭᠤᠳᠤᠨ ᠬᠠᠪᠰᠤᠷᠤᠨ ᠲᠡᠳᠬᠦᠵᠦ ᠪᠠᠶᠢᠭᠠᠳ ᠡᠯ᠎ᠡ ᠲᠥᠷᠥᠯ ᠤᠨ ᠠᠰᠠᠭᠤᠳᠠᠯ ᠤᠨ ᠳᠠᠯᠳᠠ ᠬᠡᠮ ᠢ ᠰᠢᠢᠳᠪᠦᠷᠢᠯᠡᠵᠦ᠂ ᠠᠮᠤᠷ ᠲᠦᠪᠰᠢᠨ ᠤ ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ  ᠢ ᠴᠠᠭ ᠲᠤᠬᠠᠶ ᠳᠤᠨᠢ ᠠᠷᠢᠯᠭᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号