7 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠶ ᠴᠢᠬᠤᠯᠠ ᠶᠠᠷᠢᠶᠠᠨ ᠳᠠᠬᠢ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ | ᠥᠭᠦᠯᠡᠯᠲᠡ ᠪᠠ ᠶᠡᠷᠦᠩᠬᠡᠶ ᠱᠦᠵᠢ ᠰᠢ ᠶᠢᠨ ᠫᠢᠩ ᠤᠨ ᠲᠤᠮᠳᠠᠳᠤ ᠤᠯᠤᠰ ᠤᠨ ᠨᠠᠮ ᠤᠨ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶᠠᠨ ᠤ ᠬᠤᠷᠢᠨ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ᠂ ᠪᠠᠷᠢᠮᠵᠢᠶᠠᠯᠠᠨ ᠬᠠᠷᠭᠤᠭᠤᠯᠵᠤ᠂ ᠤᠶᠤᠨ | ᠰᠠᠨᠠᠭᠠᠨ ᠳᠤ ᠪᠠᠨ ᠬᠠᠳᠠᠩᠰᠢᠭᠤᠯᠤᠨ ᠦᠵᠡᠯ ᠰᠠᠨᠠᠭᠠᠨ ᠤ ᠵᠥᠷᠢᠶ᠎ᠡ ᠪᠠᠨ ᠵᠠᠯᠠᠷᠠᠭᠤᠯᠵᠤ᠂ ᠰᠤᠳᠤᠯᠤᠨ ᠶᠠᠷᠢᠯᠴᠠᠵᠤ | ᠰᠠᠨᠠᠯ ᠢᠶᠠᠨ ᠰᠣᠯᠢᠯᠴᠠᠪᠠ᠃ ᠵᠢᠶᠠ ᠪᠦᠦ ᠯᠢᠶᠠᠩ ᠱᠦᠵᠢ ᠶᠢᠨ ᠨᠠᠶᠢᠳᠠᠯᠭ᠎ᠠ ᠪᠠᠷ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ ᠬᠤᠷᠠᠯ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠠᠶ᠃ | ᠬᠤᠷᠠᠯ ᠳᠡᠭᠡᠷ᠎ᠡ᠂ ᠬᠤᠸᠠᠩ ᠯᠦᠩ ᠬᠠᠮᠢᠶ᠎ᠠ ᠪᠦᠬᠦᠢ ᠠᠭᠤᠯᠭ᠎ᠠ ᠶᠢ ᠳᠠᠭᠠᠭᠤᠯᠤᠨ ᠰᠤᠷᠤᠯᠴᠠᠵᠤ᠂ ᠺᠠᠩ | ᠴᠢᠩ᠂ ᠯᠢᠨ ᠯᠸᠢ᠂ ᠶᠣᠣ ᠬᠤᠢ ᠵᠢᠩ᠂ ᠴᠠᠩ ᠬᠤᠩ᠂ ᠯᠢᠦ ᠰᠢ ᠴᠧᠨ᠂ ᠯᠢᠦ ᠶᠢᠨ ᠯᠢᠶᠠᠩ ᠦᠵᠡᠯ ᠰᠠᠨᠠᠭ᠎ᠠ ᠪᠠ | ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠠᠨᠢᠯᠲᠠ ᠣᠶᠢᠯᠠᠭᠠᠯᠲᠠ ᠪᠠᠨ ᠰᠣᠯᠢᠯᠴᠠᠵᠤ᠂ ᠭᠤᠣᠯ | ᠳᠤᠭᠤᠶᠢᠯᠠᠩ ᠤᠨ ᠪᠤᠰᠤᠳ ᠪᠦᠷᠢᠯᠳᠦᠬᠦᠨ ᠪᠢᠴᠢᠭ ᠤᠨ ᠮᠠᠲ᠋ᠧᠷᠢᠶᠠᠯ ᠢᠶᠠᠨ ᠲᠤᠰᠢᠶᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠨᠢ | ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠵᠤ᠂ ᠱᠠᠭᠠᠷᠳᠠᠯᠭ᠎ᠠ ᠨᠢ ᠪᠤᠳᠠᠳᠠᠢ ᠪᠦᠭᠡᠳ ᠲᠤᠳᠤᠷᠬᠠᠢ᠂ ᠪᠢᠳᠡᠨ ᠤ | ᠰᠤᠷᠲᠠᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ᠂ ᠰᠤᠷᠤᠯᠴᠠᠯᠭ᠎ᠠ ᠬᠥᠮᠦᠵᠢᠯ ᠢ | ᠭᠦᠨᠵᠡᠭᠡᠶᠢᠷᠡᠭᠦᠯᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠭᠤᠣᠯ ᠳᠤᠭᠤᠶᠢᠯᠠᠩ ᠤᠨ ᠪᠦᠬᠦ ᠪᠦᠷᠢᠯᠳᠦᠬᠦᠨ ᠨᠡᠷ | ᠤᠨᠤᠯ ᠢᠶᠠᠷ ᠵᠡᠪᠰᠡᠭᠯᠡᠬᠦ ᠶᠢ ᠴᠢᠩᠭᠠᠳᠬᠠᠬᠤ ᠲᠠᠯ᠎ᠠ ᠪᠠᠷ ᠵᠢᠱᠢᠶᠡᠴᠢ ᠪᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠲᠤᠬᠠᠢ ᠣᠶᠢᠯᠠᠭᠠᠯᠲᠠ ᠲᠤᠳᠤᠷᠬᠠᠢ᠂ ᠬᠠᠶᠢᠷ᠎ᠠ ᠰᠡᠳᠬᠢᠯᠭᠡ ᠬᠦᠨ ᠵᠤᠵᠠᠭᠠᠨ ᠭᠡᠳᠡᠭ ᠢ | ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ | ᠴᠢᠬᠤᠯᠠ ᠦᠵᠡᠯ ᠰᠠᠨᠠᠭ᠎ᠠ᠂ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠰᠤᠷᠤᠯᠴᠠᠬᠤ ᠲᠠᠢ ᠤᠶᠠᠯᠳᠤᠭᠤᠯᠵᠤ᠂ ᠦᠷᠭᠦᠯᠵᠢᠯᠡᠨ ᠨᠠᠷᠢᠨ ᠤᠩᠰᠢᠵᠤ ᠨᠢᠮᠪᠠᠢ ᠣᠶᠢᠯᠠᠭᠠᠵᠤ᠂ ᠨᠡᠪᠳᠡᠷᠡᠳᠡᠯ᠎ᠠ | ᠣᠶᠢᠯᠠᠭᠠᠵᠤ᠂ ᠪᠣᠳᠠᠲᠠᠢ ᠲᠠᠢ ᠤᠶᠠᠯᠳᠤᠭᠤᠯᠤᠨ ᠰᠡᠳᠬᠢᠨ ᠪᠣᠳᠣᠯᠬᠢᠯᠠᠵᠤ᠂ ᠵᠣᠷᠢᠭ ᠰᠠᠨᠠᠭᠠᠨ ᠤ ᠮᠥᠨ ᠴᠢᠨᠠᠷ ᠢ ᠨᠢ | ᠲᠠᠰᠤᠷᠠᠯᠳᠠ ᠦᠭᠡᠢ ᠣᠶᠢᠯᠠᠭᠠᠵᠤ᠂ ᠤᠶᠤᠨ ᠰᠠᠨᠠᠭᠠᠨ ᠳᠤᠨᠢ ᠬᠠᠳᠠᠩᠰᠢᠭᠤᠯᠵᠤ᠂ ᠦᠢᠯᠡ ᠠᠵᠢᠯᠯᠠᠭ᠎ᠠ ᠬᠢᠵᠦ ᠦᠷ᠎ᠡ | ᠪᠦᠲᠦᠮᠵᠢ ᠭᠠᠷᠭᠠᠬᠤ ᠬᠡᠷᠡᠭᠲᠡᠢ᠃ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠤᠯᠵᠤ᠂ | ᠰᠠᠬᠢᠯᠭ᠎ᠠ ᠪᠠᠲᠤ ᠶᠣᠰᠣ ᠲᠦᠷᠢᠮ ᠢ ᠵᠥᠷᠢᠴᠡᠭᠰᠡᠨ ᠣᠨᠴᠠ ᠡᠷᠬᠡ ᠶᠢᠨ ᠦᠵᠡᠯ ᠰᠠᠨᠠᠭ᠎ᠠ᠂ ᠣᠨᠴᠠ ᠡᠷᠬᠡ ᠶᠢᠨ | ᠦᠵᠡᠭᠳᠡᠯ ᠲᠠᠢ ᠡᠷᠡᠰ ᠲᠡᠮᠡᠴᠡᠯ ᠬᠢᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ᠂ ᠲᠣᠭᠲᠠᠭᠠᠯ ᠠᠴᠠ | ᠵᠥᠷᠢᠴᠡᠨ ᠪᠡᠯᠡᠭ ᠰᠡᠯᠲᠡ ᠬᠤᠷᠢᠶᠠᠵᠤ ᠬᠦᠷᠭᠡᠬᠦ ᠂ ᠠᠯᠪᠠᠨ ᠲᠤᠰᠢᠶᠠᠯᠳᠠᠨ ᠤ ᠰᠤᠭᠳᠤᠭᠤ ᠪᠠᠷ ᠲᠡᠷᠭᠡ | ᠵᠢᠯᠤᠭᠤᠳᠬᠤ ᠠᠰᠠᠭᠤᠳᠠᠯ ᠪᠠ ︽ᠤᠳᠠᠭᠠᠨ ᠪᠦᠳᠦᠭᠦᠯᠢᠭ︾ ᠦᠵᠡᠭᠳᠡᠯ ᠢ ᠡᠷᠡᠰ ᠴᠡᠭᠴᠡᠯᠡᠨ ᠵᠠᠰᠠᠵᠤ᠂ ︽ᠬᠢᠯᠢ | ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠣᠨᠴᠠᠭᠠᠶ ᠣᠨᠣᠯ︾᠂ ︽ᠬᠠᠬᠢᠷ ᠬᠦᠢᠲᠡᠨ ᠭᠠᠵᠠᠷ ᠣᠷᠣᠨ ᠤ | ᠣᠨᠴᠠᠭᠠᠶ ᠣᠨᠣᠯ︾ ᠵᠡᠷᠭᠡ ᠪᠤᠷᠤᠭᠤ ᠲᠠᠨᠢᠯᠲᠠ ᠶᠢ ᠡᠷᠡᠰ ᠲᠠᠶᠠᠭᠳᠠᠵᠤ᠂ ᠨᠠᠮ ᠤᠨ ᠰᠠᠬᠢᠯᠭ᠎ᠠ ᠪᠠᠲᠤ ᠶᠢ ᠴᠢᠩᠳᠠᠯᠠᠵᠤ᠂ | ᠴᠢᠩᠭ᠎ᠠ ᠱᠠᠭᠠᠷᠳᠠᠯᠭ᠎ᠠ᠂ ᠴᠢᠩᠭ᠎ᠠ ᠪᠠᠷᠢᠮᠵᠢᠶ᠎ᠠ ᠶᠢ ᠢᠮᠠᠭᠲᠠ ᠲᠤᠭᠤᠰᠢᠯᠠᠭᠤᠯᠵᠤ᠂ ︽ᠳᠥᠷᠪᠡᠨ ᠰᠤᠷᠲᠠᠯ︾ ᠤᠨ | ᠠᠰᠠᠭᠤᠳᠠᠯ ᠢ ᠲᠥᠪ ᠴᠢᠩᠭ᠎ᠠ ᠪᠥᠭᠡᠳ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠶ᠃ ᠥᠭᠡᠷᠡᠴᠢᠯᠡᠯᠲᠡ | ᠬᠥᠭᠵᠢᠯᠲᠡ ᠶᠢ ᠠᠬᠢᠭᠤᠯᠬᠤ ᠲᠠᠯ᠎ᠠ ᠪᠠᠷ ᠵᠢᠱᠢᠶᠡᠴᠢ ᠪᠤᠯᠵᠤ᠂ ᠳᠡᠭᠡᠳᠦ ᠱᠠᠳᠤ ᠨᠢ ᠳᠤᠤᠷᠠᠳᠦ ᠱᠠᠳᠤ ᠪᠠᠨ | ᠳᠠᠭᠠᠭᠤᠯᠬᠤ᠂ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠬᠤ ᠶᠢ ᠪᠠᠷᠢᠮᠲᠠᠯᠠᠵᠤ᠂ ︽ᠵᠣᠪᠠᠭᠤᠷᠢ ᠵᠦᠳᠡᠭᠦᠷᠢ ᠶᠢ | ᠲᠡᠰᠪᠦᠷᠢᠯᠡᠬᠦ᠂ ᠴᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ | ᠵᠣᠭᠰᠣᠬᠤ ᠦᠭᠡᠢ︾ ᠭᠡᠬᠦ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠲᠦᠷᠦᠭᠦᠯᠡᠨ ᠶᠡᠭᠡ ᠪᠠᠷ ᠪᠠᠳᠠᠷᠠᠭᠤᠯᠵᠤ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠶᠢ ᠠᠩᠬᠠᠷᠴᠤ᠂ ᠣᠷᠬᠢᠭᠳᠠᠯ ᠢ | ᠪᠠᠶᠢᠴᠠᠭᠠᠵᠤ ᠳᠤᠲᠠᠭᠤ ᠶᠢ ᠨᠥᠬᠦᠪᠦᠷᠢᠯᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠲᠠᠪᠤᠨ ᠵᠢᠯ ᠤᠨ | ᠲᠥᠯᠥᠪᠵᠢᠭᠦᠯᠭᠡ ᠶᠢᠨ ᠲᠡᠭᠦᠰᠬᠦ ᠵᠢᠯ ᠤᠨ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠶᠢ ᠪᠦᠬᠦ | ᠬᠦᠴᠦᠨ ᠢᠶᠠᠷ ᠢᠶᠠᠨ ᠲᠤᠰᠢᠶᠠᠨ᠎ᠠ᠃ |