ᠰᠣᠶᠣᠯ ᠤᠨ ᠦᠨᠳᠦᠷᠯᠢᠭ ᠢ ᠴᠣᠭᠴᠠᠯᠠᠬᠤ — ︽ᠬᠤᠯᠠ ᠶᠠᠪᠤᠭᠰᠠᠨ ᠮᠣᠷᠢᠨ ᠬᠤᠭᠤᠷ︾ ᠭᠡᠬᠦ ᠣᠬᠤᠷ ᠺᠢᠨᠤ᠋ ᠤᠮᠠᠷᠠᠲᠤ ᠶᠢᠨ ᠺᠢᠨᠣ᠋ ᠶᠢᠨ ᠦᠵᠡᠰᠭᠦᠯᠡᠩ ᠳᠤ ᠭᠠᠷᠴᠤ ᠤᠮᠠᠷᠠᠳᠤ ᠬᠢᠯᠢ ᠶᠢᠨ ᠰᠤᠶᠤᠯ ᠤᠨ ᠠᠭᠤᠯᠬᠤᠨ ᠢ ᠠᠮᠢᠳᠤᠯᠢᠭ ᠢᠶᠠᠷ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2025/7/11
       7 ᠳ᠋ᠤᠭᠠᠷ ᠰᠠᠷ᠎ᠠ ᠶᠢᠨ 2 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠳᠠ ᠶᠢᠨ ᠬᠤᠷᠢᠶᠠᠨ ᠤ ᠤᠬᠠᠭᠤᠯᠬᠤ ᠬᠡᠯᠲᠡᠰ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠪᠤᠭᠤᠲᠤ ᠬᠤᠳᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ ᠵᠡᠷᠭᠡ ᠲᠤᠯᠤᠭᠠᠨ ᠨᠢᠭᠡᠴᠢ ᠶᠢᠨ ᠬᠠᠮᠲᠤᠷᠠᠨ ᠭᠠᠷᠭᠠᠭᠰᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠰᠡᠳᠦᠪ ᠪᠣᠯᠭᠠᠭᠰᠠᠨ ᠺᠢᠨᠣ᠋ ᠣᠬᠤᠷ ᠺᠢᠨᠣ᠋ ︽ᠬᠤᠯᠠ ᠶᠠᠪᠤᠭᠰᠠᠨ ᠮᠣᠷᠢᠨ ᠬᠤᠭᠤᠷ︾ ᠭᠡᠬᠦ ᠣᠬᠤᠷ ᠺᠢᠨᠣ᠋ ᠶᠢ ᠪᠡᠭᠡᠵᠢᠩ ᠤᠨ ᠺᠢᠨᠣ᠋ ᠶᠢᠨ ᠳᠡᠭᠡᠳᠦ ᠰᠤᠷᠭᠠᠭᠤᠯᠢ ᠳᠤ ᠠᠩᠬ᠎ᠠ ᠤᠳᠠᠭ᠎ᠠ ᠳᠡᠯᠭᠡᠨ ᠦᠵᠡᠭᠦᠯᠪᠡ︕      ᠺᠢᠨᠣ᠋ ᠶᠢ 2025 ᠣᠨ ᠤ 3 ᠳ᠋ᠤᠭᠠᠷ ᠰᠠᠷ᠎ᠠ ᠠᠴᠠ ᠡᠬᠢᠯᠡᠭᠦᠯᠵᠦ᠂ 6 ᠳ᠋ᠤᠭᠠᠷ ᠰᠠᠷ᠎ᠠ ᠶᠢᠨ ᠳᠤᠮᠳᠠᠴᠢ ᠪᠠᠷ ᠪᠦᠬᠦ ᠺᠢᠨᠣ᠋ ᠶᠢ ᠵᠣᠬᠢᠶᠠᠨ ᠪᠦᠲᠦᠭᠡᠪᠡ᠃ ᠺᠢᠨᠣ᠋ ᠶᠢ ᠵᠣᠬᠢᠶᠠᠨ ᠪᠦᠲᠦᠭᠡᠬᠦ ᠶᠠᠪᠤᠴᠠ ᠳᠤ ᠳᠤᠮᠳᠠᠳᠤ ᠤᠯᠤᠰ ᠤᠨ ᠰᠢᠶᠠ ᠶᠠᠨ ᠺᠢᠨᠣ᠋ ᠶᠢᠨ ᠨᠡᠶᠢᠭᠡᠮᠯᠢᠭ᠂ ᠥᠪᠥᠷ ᠮᠣᠩᠭᠤᠯ ᠤᠨ ᠺᠢᠨᠣ᠋ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠺᠢᠨᠣ᠋ ᠠᠶᠢᠯ ᠤᠨ ᠨᠡᠶᠢᠭᠡᠮᠯᠢᠭ ᠤᠨ ᠬᠦᠴᠦᠲᠡᠢ ᠳᠡᠮᠵᠢᠯᠭᠡ ᠶᠢ ᠣᠯᠵᠤ᠂ ᠪᠡᠭᠡᠵᠢᠩ ᠤᠨ ᠺᠢᠨᠣ᠋ ᠶᠢᠨ ᠳᠡᠭᠡᠳᠦ ᠰᠤᠷᠭᠠᠭᠤᠯᠢ ᠶᠢᠨ ᠤᠳᠤᠷᠢᠳᠤᠭᠠᠴᠢ ᠶᠢᠨ ᠰᠠᠯᠪᠤᠷᠢ ᠨᠢ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠬᠢᠪᠡ᠃ ᠣᠯᠠᠨ ᠲᠠᠯ᠎ᠠ ᠶᠢᠨ ᠬᠦᠴᠦᠨ ᠢ ᠲᠥᠪᠯᠡᠷᠡᠭᠦᠯᠦᠨ ᠪᠠᠶᠢᠭᠤᠯᠤᠭᠰᠠᠨ ᠤᠷᠠᠯᠢᠭ ᠤᠨ ᠦᠨ᠎ᠡ ᠥᠷᠲᠡᠭ ᠪᠠ ᠦᠵᠡᠯ ᠰᠠᠨᠠᠭᠠᠨ ᠤ ᠭᠦᠨᠴᠡ ᠶᠢ ᠪᠦᠷᠢᠯᠳᠦᠭᠦᠯᠦᠭᠰᠡᠨ ᠺᠢᠨᠣ᠋ ᠶᠢᠨ ᠪᠦᠲᠦᠭᠡᠯ ᠮᠥᠨ᠂ ᠡᠨᠡ ᠨᠢ ᠤᠮᠠᠷᠠᠲᠤ ᠬᠢᠯᠢ ᠶᠢᠨ ᠰᠣᠶᠣᠯ ᠤᠨ ᠭᠦᠨ ᠠᠭᠤᠯᠤᠭᠳᠠᠬᠤᠨ ᠪᠠ ᠴᠠᠭ ᠦᠶ᠎ᠡ ᠶᠢᠨ ᠦᠨ᠎ᠡ ᠥᠷᠲᠡᠭ ᠢ ᠠᠮᠢᠳᠤᠯᠢᠭ ᠢᠶᠠᠷ ᠲᠠᠶᠢᠯᠪᠤᠷᠢᠯᠠᠭᠰᠠᠨ ᠪᠠᠶᠢᠨ᠎ᠠ᠃      ᠺᠢᠨᠤ᠋ ᠶᠢᠨ ᠠᠭᠤᠯᠭ᠎ᠠ ᠶᠢᠨ ᠲᠠᠨᠢᠯᠴᠠᠭᠤᠯᠭ᠎ᠠ      ︽ᠬᠤᠯᠠ ᠶᠠᠪᠤᠭᠰᠠᠨ ᠮᠣᠷᠢᠨ ᠬᠤᠭᠤᠷ︾ ᠲᠤ ᠦᠨᠳᠦᠰᠦᠲᠡᠨ ᠨᠦᠭᠦᠳ ᠪᠣᠯᠤᠨ ᠦᠶ᠎ᠡ ᠶᠢᠨ ᠵᠢᠯᠠᠭ᠎ᠠ ᠶᠢ ᠳᠠᠪᠠᠭᠰᠠᠨ ᠰᠡᠳᠭᠢᠯ ᠬᠥᠳᠡᠯᠭᠡᠮ᠎ᠡ ᠦᠯᠢᠭᠡᠷ ᠢ ᠶᠠᠷᠢᠪᠠ᠃  ᠺᠢᠨᠣ᠋ ᠶᠢᠨ ᠠᠭᠤᠯᠭ᠎ᠠ ᠳᠤ ᠮᠣᠷᠢᠨ ᠬᠤᠭᠤᠷ ᠨᠢ ᠮᠣᠩᠭᠤᠯ ᠦᠨᠳᠦᠰᠦᠲᠡᠨ ᠤ ᠪᠣᠳᠠᠰ ᠤᠨ ᠪᠤᠰᠤ ᠰᠣᠶᠣᠯ ᠤᠨ ᠦᠨᠡᠲᠦ ᠡᠷᠳᠡᠨᠢ ᠪᠣᠯᠤᠭᠰᠠᠨ ᠤ ᠬᠤᠪᠢ ᠳᠤ ᠡᠪᠦᠭᠡ ᠠᠪᠤ ᠶᠢᠨ ᠬᠠᠶᠢᠷ᠎ᠠ ᠰᠡᠳᠭᠢᠯ ᠤᠨ ᠨᠠᠶᠢᠳᠠᠯᠭ᠎ᠠ ᠲᠡᠳᠦᠢ ᠦᠭᠡᠢ᠂ ᠨᠡᠩ ᠴᠤ ᠤᠯᠠᠮᠵᠢᠯᠠᠯᠲᠤ ᠰᠣᠶᠣᠯ ᠤᠨ ᠴᠠᠭ ᠦᠶ᠎ᠡ ᠶᠢᠨ ᠤᠷᠤᠰᠬᠠᠯ ᠳᠤᠮᠳᠠᠬᠢ ᠤᠯᠠᠮᠵᠢᠯᠠᠯ ᠪᠠ ᠬᠥᠭᠵᠢᠯᠲᠡ ᠶᠢ ᠭᠡᠷᠡᠴᠢᠯᠡᠭᠰᠡᠨ ᠪᠠᠶᠢᠨ᠎ᠠ᠃ ᠺᠢᠨᠣ᠋ ᠨᠢ ᠨᠠᠷᠢᠯᠢᠭ ᠰᠠᠶᠢᠬᠠᠨ ᠦᠢᠯᠡ ᠶᠠᠪᠤᠳᠠᠯ ᠢᠶᠠᠷ ᠳᠠᠮᠵᠢᠭᠤᠯᠤᠨ ᠡᠪᠦᠭᠡ ᠣᠮᠪᠣᠯᠤ ᠶᠢᠨ ᠬᠤᠭᠤᠷᠤᠨᠳᠤᠬᠢ ᠵᠥᠷᠢᠴᠡᠯ ᠠᠴᠠ ᠣᠶᠢᠯᠠᠭᠠᠬᠤ ᠬᠦᠷᠲᠡᠯᠡᠬᠢ ᠶᠠᠪᠤᠴᠠ ᠶᠢ ᠠᠮᠢᠳᠤᠯᠢᠭ ᠢᠶᠠᠷ ᠢᠯᠡᠷᠡᠭᠦᠯᠵᠦ᠂ ᠡᠯᠢᠭᠡᠨ ᠬᠠᠶᠢᠷ᠎ᠠ ᠶᠢᠨ ᠬᠠᠳᠠᠨ ᠵᠣᠷᠢᠭ ᠪᠠ ᠬᠠᠶᠢᠷ᠎ᠠ ᠬᠠᠯᠠᠮᠵᠢ ᠶᠢ ᠭᠦᠨᠵᠡᠭᠡᠶ ᠲᠠᠶᠢᠯᠪᠤᠷᠢᠯᠠᠵᠠᠶ᠃ ᠢᠯᠠᠩᠭᠤᠶ᠎ᠠ ᠮᠣᠷᠢᠨ ᠬᠤᠭᠤᠷ ᠲᠠᠯ᠎ᠠ ᠨᠤᠲᠤᠭ ᠪᠣᠯᠤᠨ ᠬᠤᠲᠠ ᠶᠢᠨ ᠵᠠᠭᠠᠭ ᠱᠤᠭᠤᠮ ᠳᠤ ᠬᠠᠩᠭᠢᠨᠠᠵᠤ᠂ ᠰᠢᠨ᠎ᠡ ᠬᠠᠭᠤᠴᠢᠨ ᠰᠣᠶᠣᠯ ᠤᠨ ᠰᠣᠯᠪᠢᠴᠠᠨ ᠠᠭᠤᠰᠤᠯᠴᠠᠬᠤ ᠶᠢ ᠪᠡᠯᠭᠡᠳᠡᠵᠦ᠂ ᠤᠯᠠᠮᠵᠢᠯᠠᠯᠲᠤ ᠤᠷᠠᠯᠢᠭ ᠤᠨ ᠣᠳᠣ ᠦᠶ᠎ᠡ ᠶᠢᠨ ᠬᠡᠯᠡᠨ ᠤ ᠣᠷᠴᠢᠨ ᠤ ᠰᠢᠨ᠎ᠡ ᠶᠢ ᠡᠭᠦᠳᠬᠦ ᠪᠠ ᠦᠷᠭᠦᠯᠵᠢᠯᠡᠬᠦ ᠶᠢ ᠢᠯᠡᠷᠡᠭᠦᠯᠵᠦ᠂ ᠬᠥᠮᠦᠰ ᠢ ᠣᠯᠠᠨ ᠡᠰᠢᠲᠦ ᠰᠣᠶᠣᠯ ᠤᠨ ᠬᠠᠮᠲᠤ ᠪᠠᠷ ᠣᠷᠣᠰᠢᠬᠤ ᠴᠠᠭ ᠦᠶ᠎ᠡ ᠳᠤ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠬᠦᠴᠦᠨ ᠴᠢᠳᠠᠯ ᠢᠶᠠᠨ ᠨᠢᠭᠲᠠᠷᠠᠭᠤᠯᠬᠤ ᠶᠢ ᠤᠷᠢᠶᠠᠯᠠᠵᠤ᠂ ᠦᠨᠳᠦᠰᠦᠲᠡᠨ ᠤ ᠪᠦᠯᠬᠦᠮᠳᠡᠯ ᠪᠣᠯᠤᠨ ᠰᠣᠶᠣᠯ ᠤᠨ ᠤᠯᠠᠮᠵᠢᠯ ᠤᠨ ᠭᠠᠯ ᠢ ᠲᠠᠰᠤᠷᠠᠯᠲᠠ ᠦᠭᠡᠢ ᠪᠠᠳᠠᠷᠠᠭᠤᠯᠤᠨ᠎ᠠ᠃ ᠡᠭᠦᠨ ᠤ ᠬᠠᠮᠲᠤ᠂ ᠡᠪᠦᠭᠡ ︽ᠤᠯᠤᠰ ᠤᠨ ᠬᠡᠦᠬᠡᠳ︾ ᠭᠡᠬᠦ ᠡᠨᠡ ᠬᠦ ᠣᠨᠴᠠᠭᠠᠶ ᠪᠡᠶ᠎ᠡ ᠬᠡᠮ ᠨᠢ ᠺᠢᠨᠣ᠋ ᠳᠤ ᠴᠠᠭ ᠦᠶ᠎ᠡ ᠶᠢᠨ ᠠᠬᠤᠢ ᠪᠠᠶᠢᠳᠠᠯ ᠳᠣᠣᠷᠠᠬᠢ ᠥᠪᠡᠷᠮᠢᠴᠡ ᠬᠠᠶᠢᠷ᠎ᠠ ᠰᠡᠳᠬᠢᠯᠭᠡ ᠶᠢ ᠨᠡᠮᠡᠷᠢᠯᠡᠭᠰᠡᠨ ᠪᠠᠶᠢᠨ᠎ᠠ᠃      ᠲᠤᠰ ᠺᠢᠨᠣ᠋ ᠶᠢ ᠪᠤᠭᠤᠲᠤ ᠶᠢᠨ ᠲᠤᠬᠠᠢ ᠶᠢᠨ ᠭᠠᠵᠠᠷ ᠤᠨ ᠵᠠᠯᠠᠭᠤᠴᠤᠳ ᠤᠨ ᠤᠳᠤᠷᠢᠳᠤᠭᠠᠴᠢ ᠵᠢᠶᠠᠩ ᠯᠢᠶᠠᠩ ᠯᠢᠶᠠᠩ ᠵᠢᠯᠤᠭᠤᠳᠪᠠ᠃ ᠵᠢᠶᠠᠩ ᠯᠢᠶᠠᠩ ᠯᠢᠶᠠᠩ ᠤᠳᠤᠷᠢᠳᠤᠭᠠᠴᠢ ᠶᠢᠨ ᠰᠠᠯᠪᠤᠷᠢ ᠪᠤᠯᠬᠤ ᠦᠪᠦᠷ ᠮᠤᠩᠭᠤᠯ ᠤᠨ ᠺᠢᠨᠤᠴᠢᠳ ᠤᠨ ᠨᠡᠶᠢᠭᠡᠮᠯᠢᠭ ᠤᠨ ᠭᠡᠰᠢᠭᠦᠨ᠂ ᠤᠳᠤ ᠪᠤᠭᠤᠳᠤ ᠬᠤᠳᠠ ᠶᠢᠨ ᠺᠢᠨᠤ᠋ ᠲᠧᠯᠸᠢᠰᠴᠢᠳ ᠤᠨ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠪᠤᠭᠤᠳᠤ ᠬᠤᠳᠠ ᠶᠢᠨ ᠴᠢᠩᠱᠠᠨ ᠲᠤᠭᠤᠷᠢᠭ ᠤᠨ ᠤᠳᠬ᠎ᠠ ᠵᠤᠬᠢᠶᠠᠯ ᠤᠨ ᠵᠤᠬᠢᠶᠠᠨ ᠪᠦᠳᠦᠭᠡᠬᠦ ᠨᠡᠶᠢᠭᠡᠮᠯᠢᠭ ᠤᠨ ᠳᠡᠳ᠋ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ 2014 ᠣᠨ ᠳᠤ ᠨᠠᠮᠲᠠᠷ ᠤᠨ ᠷᠣᠮᠠᠨ ︽ᠵᠠᠯᠠᠭᠤ ᠨᠠᠰᠤᠨ ᠤ ᠭᠠᠢ︾ ᠭᠡᠬᠦ ᠺᠢᠨᠣ᠋ ᠶᠢ ᠵᠣᠬᠢᠶᠠᠨ ᠪᠦᠲᠦᠭᠡᠭᠰᠡᠨ ᠠᠴᠠ ᠨᠠᠭᠠᠰᠢ ᠺᠢᠨᠣ᠋ ᠲᠧᠯᠸᠢᠰ ᠤᠨ ᠬᠦᠷᠢᠶᠡᠨ ᠳᠤ ᠦᠷᠭᠦᠯᠵᠢᠯᠡᠨ ᠬᠦᠴᠦᠯᠡᠪᠡ᠃ 2022 ᠣᠨ ᠠᠴᠠ ᠨᠠᠭᠠᠰᠢ᠂ ᠤᠷᠢᠳ ᠬᠤᠵᠢᠳ ᠣᠬᠤᠷ ᠺᠢᠨᠣ᠋ ︽ᠰᠠᠬᠢᠨ ᠪᠠᠷᠠᠯᠠᠬᠤ︾᠂ ︽ᠰᠡᠷᠭᠦᠬᠦ︾᠂ ︽ᠠᠹᠦ᠋︾ ᠵᠡᠷᠭᠡ ᠤᠯᠠᠨ ᠺᠢᠨᠣ᠋ ᠲᠧᠯᠸᠢᠰ ᠤᠨ ᠪᠦᠲᠦᠭᠡᠯ ᠢ ᠵᠢᠭᠠᠨ ᠵᠢᠯᠣᠭᠤᠳᠴᠤ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠤᠯᠠᠨ ᠵᠦᠢᠯ ᠤᠨ ᠱᠠᠩᠨᠠᠯ ᠣᠯᠵᠠᠢ᠃ ᠢᠯᠠᠩᠭᠤᠶ᠎ᠠ 2024 ᠣᠨ ᠳᠤ ᠪᠤᠭᠤᠲᠤ ᠬᠤᠲᠠ ᠶᠢᠨ ᠬᠠᠪᠴᠢᠭ ᠤᠨ ᠭᠡᠷ ᠢ ᠥᠭᠡᠷᠡᠴᠢᠯᠡᠨ ᠪᠠᠶᠢᠭᠤᠯᠵᠤ ᠰᠡᠭᠦᠳᠡᠷᠯᠡᠭᠰᠡᠨ ᠣᠬᠤᠷ ᠺᠢᠨᠣ᠋ ︽ᠬᠤᠷᠢᠨ ᠳᠥᠷᠪᠡᠨ ᠴᠠᠭ︾ ᠤᠨ ᠲᠣᠭᠤᠷᠢᠨ ᠳᠤ ᠤᠷᠢᠳ ᠬᠤᠵᠢᠳ ᠠᠷᠪᠠᠨ ᠳᠥᠷᠪᠡᠳᠦᠭᠡᠷ ᠬᠤᠭᠤᠴᠠᠭᠠᠨ ᠤ ᠪᠡᠭᠡᠵᠢᠩ ᠤᠨ ᠣᠯᠠᠨ ᠤᠯᠤᠰ ᠤᠨ ᠰᠦᠯᠵᠢᠶᠡᠨ ᠤ ᠺᠢᠨᠣ᠋ ᠶᠢᠨ ᠦᠵᠡᠰᠬᠦᠯᠡᠩ ᠤᠨ ︽ᠬᠠᠮᠤᠭ ᠤᠨ ᠰᠢᠯᠢᠳᠡᠭ ᠤᠳᠤᠷᠢᠳᠤᠭᠠᠴᠢ︾᠂ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠬᠤᠪᠢᠰᠬᠠᠯᠲᠤ ᠪᠢᠴᠢᠯ ᠺᠢᠨᠣ᠋ ᠶᠢᠨ ᠦᠪᠡᠳᠡᠭᠰᠢ ᠶᠣᠰᠣᠯᠠᠯ ᠤᠨ ᠰᠢᠯᠢᠳᠡᠭ ᠪᠦᠲᠦᠭᠡᠯ ᠵᠡᠷᠭᠡ ᠣᠯᠠᠨ ᠱᠠᠩᠨᠠᠯ ᠢ ᠬᠦᠷᠲᠡᠵᠦ᠂ ᠵᠢᠶᠠᠩ ᠯᠢᠶᠠᠩ ᠯᠢᠶᠠᠩ 2025 ᠣᠨ ᠤ ︽ᠪᠤᠭᠤᠲᠤ ᠬᠤᠲᠠ ᠶᠢᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ ᠤᠨ ᠲᠡᠮᠳᠡᠭ︾ ᠤᠨ ᠢᠷᠠᠭᠤ ᠠᠯᠳᠠᠷ ᠤᠨ ᠴᠣᠯᠠ ᠭᠥᠷᠳᠡᠪᠡ᠃      ᠭᠤᠣᠯ ᠲᠣᠭᠯᠠᠭᠴᠢ ᠶᠢᠨ ᠡᠩᠨᠡᠭᠡ      ᠪᠠᠶᠠᠨ᠂ 1963 ᠣᠨ ᠳᠤ ᠮᠡᠨᠳᠦᠯᠡᠪᠡ᠂ ᠮᠣᠩᠭᠤᠯ ᠦᠨᠳᠦᠰᠦᠲᠡᠨ᠂ ᠱᠠᠩᠬᠠᠢ ᠶᠢᠨ ᠰᠢ ᠵᠦᠴᠦᠭᠡ ᠶᠢᠨ ᠳᠡᠭᠡᠳᠦ ᠰᠤᠷᠭᠠᠭᠤᠯᠢ᠂ ᠪᠡᠭᠡᠵᠢᠩ ᠤᠨ ᠺᠢᠨᠣ᠋ ᠶᠢᠨ ᠳᠡᠭᠡᠳᠦ ᠰᠤᠷᠭᠠᠭᠤᠯᠢ ᠠᠴᠠ ᠲᠡᠭᠦᠰᠴᠡᠢ᠂ ᠳᠤᠮᠳᠠᠳᠤ ᠤᠯᠤᠰ ᠤᠨ ᠳᠣᠲᠣᠷ ᠭᠠᠵᠠᠷ ᠤᠨ ᠡᠷᠡᠭᠲᠡᠶ ᠲᠣᠭᠯᠠᠭᠴᠢ᠂ ᠤᠳᠤᠷᠢᠳᠤᠭᠠᠴᠢ᠂ ᠨᠢᠭᠡᠳᠦᠭᠡᠷ ᠳᠡᠰ ᠤᠨ ᠲᠣᠭᠯᠠᠭᠴᠢ᠂ ᠥᠪᠥᠷ ᠮᠣᠩᠭᠤᠯ ᠤᠨ ᠺᠢᠨᠤᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠃ ︽ᠤᠮᠠᠷᠠᠲᠤ ᠶᠢᠨ ᠶᠠᠯᠠᠲᠠᠨ︾᠂ ︽ᠯᠦᠩ ᠬᠤ᠋ ᠴᠢᠶᠦ᠋ᠨ ᠶᠢᠩ︾᠂ ︽ᠤᠯᠠᠭᠠᠨᠬᠦᠦ︾ ᠵᠡᠷᠭᠡ ᠣᠯᠠᠨ ᠺᠢᠨᠣ᠋ ᠳᠤ ᠲᠣᠭᠯᠠᠵᠤ᠂  1996 ᠣᠨ ᠳᠤ ︽ᠡᠮᠭᠡᠨᠢᠯᠲᠦ ᠪᠷᠦᠺ︾ ᠭᠡᠬᠦ ᠺᠢᠨᠣ᠋ ᠳᠤ ᠭᠤᠣᠯ ᠲᠣᠭᠯᠠᠭᠴᠢ ᠪᠠᠷ ᠲᠣᠭᠯᠠᠭᠠᠳ 16 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠺᠢᠨᠣ᠋ ᠶᠢᠨ ᠠᠯᠲᠠᠨ ᠲᠠᠬᠢᠶᠠᠨ ᠤ ᠱᠠᠩᠨᠠᠯ ᠤᠨ ᠬᠠᠮᠲᠤ ᠶᠢᠨ ᠲᠣᠭᠯᠠᠯᠲᠠ ᠶᠢ ᠬᠦᠷᠲᠡᠵᠡᠶ᠃ 2011 ᠣᠨ ᠳᠤ ︽ᠠᠷᠢᠭᠤᠨ ᠣᠷᠣᠨ ᠡᠵᠡᠨ︾ ᠭᠡᠬᠦ ᠺᠢᠨᠣ᠋ ᠶᠢ 28 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠺᠢᠨᠣ᠋ ᠶᠢᠨ ᠠᠯᠲᠠᠨ ᠲᠠᠬᠢᠶᠠᠨ ᠤ ᠱᠠᠩᠨᠠᠯ ᠤᠨ ᠬᠠᠮᠤᠭ ᠰᠠᠶᠢᠨ ᠡᠷᠡᠭᠲᠡᠶ ᠶᠢᠨ ᠬᠤᠣᠰ ᠪᠤᠯᠢᠶᠠᠯᠳᠤᠬᠤ ᠱᠠᠩᠨᠠᠯ ᠢ ᠬᠦᠷᠲᠡᠵᠡᠶ᠃ 2015 ᠣᠨ ᠳᠤ ︽ᠨᠤᠷ ᠵᠢᠮ︾ ᠺᠢᠨᠣ᠋ 30 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠺᠢᠨᠣ᠋ ᠶᠢᠨ ᠠᠯᠲᠠᠨ ᠲᠠᠬᠢᠶᠠᠨ ᠱᠠᠩᠨᠠᠯ ᠤᠨ ᠬᠠᠮᠤᠭ ᠰᠢᠯᠢᠳᠡᠭ ᠤᠳᠤᠷᠢᠳᠤᠭᠠᠴᠢ ᠨᠡᠷ᠎ᠡ ᠳᠤᠷᠠᠳᠤᠭᠳᠠᠭᠰᠠᠨ ᠱᠠᠩᠨᠠᠯ ᠬᠦᠷᠲᠡᠪᠡ᠃ ᠤᠳᠤᠷᠢᠳᠤᠭᠰᠠᠨ ᠺᠢᠨᠣ᠋ ︽ᠰᠡᠴᠡᠨ ᠬᠠᠨᠷᠦ︾ ︽ᠨᠣᠷᠵᠢᠮ᠎ᠠ︾ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠣᠯᠠᠨ ᠺᠢᠨᠣ᠋ ᠶᠢᠨ ᠱᠠᠩᠨᠠᠯ ᠬᠦᠷᠲᠡᠪᠡ᠃      ᠸᠧᠢ ᠳ᠋ᠠ ᠮᠢᠩ᠂ 1958 ᠣᠨ ᠳᠤ ᠮᠡᠨᠳᠦᠯᠡᠪᠡ᠂ ᠬᠢᠲᠠᠳ ᠦᠨᠳᠦᠰᠦᠲᠡᠨ᠂ 1982 ᠣᠨ ᠳᠤ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠲᠣᠭᠯᠠᠯᠲᠠ ᠶᠢᠨ ᠰᠠᠯᠪᠤᠷᠢ ᠠᠴᠠ ᠲᠡᠭᠦᠰᠴᠡᠢ᠃ ᠡᠮᠦᠨ᠎ᠡ ᠨᠢ ︽ᠶᠡᠭᠡ ᠰᠦ᠋ᠩ ᠤᠯᠤᠰ ᠤᠨ ᠣᠷᠳᠣᠨ ᠤ ᠦᠭᠡ︾ ︽ᠬᠠᠷ᠎ᠠ ᠪᠦᠯᠦᠭᠲᠡᠨ ᠢ ᠠᠷᠢᠯᠭᠠᠭᠰᠠᠨ ᠰᠢᠭᠤᠷᠭ᠎ᠠ︾ ︽ᠳ᠋ᠠ ᠱᠧᠩ ᠺᠦᠢ︾ ᠵᠡᠷᠭᠡ ᠵᠠᠭᠤ ᠭᠠᠷᠤᠶ ᠺᠢᠨᠣ᠋ ᠲᠧᠯᠸᠢᠰ ᠤᠨ ᠪᠦᠲᠦᠭᠡᠯ ᠳᠤ ᠭᠤᠤᠯ ᠳᠦ᠋ᠷᠢ ᠶᠢ ᠡᠭᠦᠷᠭᠡᠯᠡᠵᠦ ᠥᠩᠭᠡᠷᠡᠵᠡᠶ ᠃ ᠡᠭᠦᠨ ᠳᠤ ︽ᠵᠠᠯᠠᠭᠤ ᠤᠯᠠᠭᠠᠨᠬᠦᠦ︾ ᠳᠤ ᠯᠢ ᠳ᠋ᠡ ᠵᠤᠤ ᠶᠢ ᠳᠦᠷᠢᠯᠡᠨ ᠲᠣᠭᠯᠠᠵᠤ᠂ ︽ᠽᠦᠸᠧ ᠽᠦᠩ ᠲᠠᠩ ᠰᠢᠨᠵᠢᠶᠠᠩ ᠢ ᠡᠭᠡᠭᠦᠯᠦᠨ ᠠᠪᠤᠭᠰᠠᠨ ᠨᠢ︾ ᠳᠤ ᠵᠡᠭᠦᠨ ᠽᠦᠸᠧ ᠽᠦᠩ ᠲᠠᠩ ᠢ ᠳᠦᠷᠢᠯᠡᠨ ᠲᠣᠭᠯᠠᠵᠤ᠂ ᠠᠵᠢᠯ ᠲᠦᠷᠦᠯ ᠤᠨ ᠭᠠᠳᠠᠨ᠎ᠠ ᠳᠣᠲᠣᠨᠠᠬᠢ ᠬᠦᠮᠦᠰ ᠤᠨ ᠥᠨᠳᠥᠷ ᠦᠨᠡᠯᠡᠯᠲᠡ ᠶᠢ ᠣᠯᠤᠭᠰᠠᠨ ᠪᠠᠶᠢᠨ᠎ᠠ᠃ ᠲᠦᠷᠦᠭᠦᠯᠡᠨ ᠲᠣᠭᠯᠠᠭᠰᠠᠨ ᠺᠢᠨᠣ᠋ ︽ᠭᠠᠵᠠᠷ ᠰᠢᠷᠣᠢ ᠶᠢᠨ ᠣᠶᠢᠯᠠᠯᠭ᠎ᠠ︾ ᠨᠢ ᠤᠷᠢᠳ ᠬᠤᠵᠢᠳ ᠠᠯᠲᠠᠨ ᠲᠠᠬᠢᠶ᠎ᠠ ᠱᠠᠩᠨᠠᠯ᠂ ᠥᠨᠢᠷ ᠴᠡᠴᠡᠭ ᠱᠠᠩᠨᠠᠯ ᠤᠨ ᠬᠠᠮᠤᠭ ᠰᠢᠯᠢᠳᠡᠭ ᠤᠳᠤᠷᠢᠳᠤᠭᠠᠴᠢ ᠨᠡᠷ᠎ᠡ ᠳᠤᠷᠠᠳᠤᠭᠳᠠᠭᠰᠠᠨ ᠱᠠᠩᠨᠠᠯ ᠢ ᠭᠥᠷᠳᠡᠵᠦ᠂ 2018 ᠣᠨ ᠳᠤ ︽ᠱᠠᠨ ᠰᠢ ᠶᠢᠨ ᠰᠢᠯᠢᠳᠡᠭ ᠺᠢᠨᠣ᠋ ᠶᠢᠨ ᠱᠠᠩᠨᠠᠯ︾᠂ ᠰᠢᠯᠢᠳᠡᠭ ᠡᠷᠡᠭᠲᠡᠢ ᠲᠣᠭᠯᠠᠭᠴᠢ ᠶᠢᠨ ᠱᠠᠩᠨᠠᠯ ᠢ ᠭᠥᠷᠳᠡᠪᠡ᠃ᠭᠦᠸᠧ ᠮᠢᠶᠣᠣ ᠴᠤᠸᠠᠨ᠂ 2002 ᠣᠨ ᠳᠤ ᠮᠡᠨᠳᠦᠯᠡᠪᠡ᠂ ᠬᠢᠲᠠᠳ ᠦᠨᠳᠦᠰᠦᠲᠡᠨ᠂ ᠲᠥᠪ ᠤᠨ ᠲᠧᠯᠸᠢᠰ ᠬᠤᠷᠢᠶᠠᠨ ᠤ ᠶᠡᠷᠦᠩᠬᠡᠢᠯᠡᠭᠰᠡᠨ ᠤᠷᠠᠯᠢᠭ ᠤᠨ ︽ᠰᠣᠳᠤᠷ ᠪᠢᠴᠢᠭ ᠤᠨ ᠳᠣᠲᠣᠷᠠᠬᠢ ᠳᠤᠮᠳᠠᠳᠤ ᠤᠯᠤᠰ · ᠬᠤᠯᠤᠰᠤᠨ ᠴᠣᠭᠤᠳᠠᠰᠤᠲᠤ ᠳᠤᠮᠳᠠᠳᠤ ᠤᠯᠤᠰ ᠢ ᠬᠠᠶᠢᠨ ᠰᠢᠨᠵᠢᠬᠦ︾ ᠶᠢᠨ ᠤᠷᠲᠤ ᠬᠤᠭᠤᠴᠠᠭ᠎ᠠ ᠪᠠᠷ ᠲᠤᠬᠠᠢ ᠶᠢᠨ ᠭᠠᠵᠠᠷ ᠲᠤ ᠰᠠᠭᠤᠵᠤ ᠬᠠᠮᠲᠤᠷᠠᠨ ᠠᠵᠢᠯᠯᠠᠬᠤ ᠲᠣᠭᠯᠠᠭᠴᠢ᠂ ᠲᠤᠰ ᠶᠡᠷᠦᠩᠬᠡᠢᠯᠡᠭᠰᠡᠨ ᠤᠷᠠᠯᠢᠭ ᠨᠢ 2025 ᠣᠨ ᠤ ᠪᠠᠢ ᠢᠦᠢ ᠯᠠᠨ ᠤ ᠬᠠᠮᠤᠭ ᠤᠨ ᠰᠢᠯᠢᠳᠡᠭ ᠤᠷᠠᠯᠢᠭ ᠤᠨ ᠫᠷᠦᠭᠷᠠᠮ ᠳᠤ ᠱᠠᠩᠨᠠᠯ ᠬᠦᠷᠲᠡᠪᠡ᠃ ᠲᠢᠶᠠᠨ ᠴᠢᠨ ᠰᠢᠨ ᠤᠳᠤᠷᠢᠳᠤᠭᠠᠴᠢ ᠶᠢᠨ ᠪᠦᠲᠦᠭᠡᠯ ︽ᠬᠤᠪᠢᠰᠬᠠᠯ ᠤᠨ ᠡᠬᠢᠯᠡᠯᠲᠡ ᠶᠢᠨ ᠴᠡᠭ︾ ᠲᠤ ᠶᠠᠩ ᠴᠠᠩ ᠵᠢᠢ ᠶᠢ ᠲᠣᠭᠯᠠᠵᠤ᠂ ᠳᠤᠮᠳᠠᠳᠤ ᠤᠯᠤᠰ ᠤᠨ ᠤᠯᠤᠰ ᠤᠨ ᠶᠠᠷᠢᠶᠠᠲᠤ ᠵᠦᠴᠦᠭᠡ ᠶᠢᠨ ᠬᠦᠷᠢᠶᠡᠯᠡᠩ ᠤᠨ ᠭᠠᠷᠭᠠᠭᠰᠠᠨ ︽ᠮᠢᠶᠠᠨᠪᠣᠤ ᠪᠠᠶᠢᠳᠠᠭ ᠶᠤᠮ︾ ᠲᠤ ᠯᠦ ᠹᠠᠨ ᠢ ᠲᠣᠭᠯᠠᠵᠤ᠂ ᠪᠡᠭᠡᠵᠢᠩ ᠤᠨ ︽ᠵᠡᠭᠦᠳᠦ ᠪᠠᠷ ᠢᠶᠠᠨ ᠲᠠᠨ ᠵᠧ ᠳᠤ ᠬᠦᠷᠪᠡ︾ ᠭᠡᠬᠦ ᠵᠦᠴᠦᠭᠡ ᠳᠤ ᠯᠦᠩ ᠸᠠᠩ ᠢ ᠲᠣᠭᠯᠠᠪᠠ᠃      ᠣᠶᠢᠯᠠᠭᠠᠭᠰᠠᠨ ᠢᠶᠠᠷ᠂ ᠲᠣᠰ ᠺᠢᠨᠣ᠋ ᠶᠢ ᠨᠢᠭᠡᠨᠲᠡ ᠤᠯᠤᠰ ᠤᠨ ᠳᠣᠲᠣᠭᠠᠳᠤ ᠭᠠᠳᠠᠭᠠᠳᠤ ᠶᠢᠨ ᠣᠬᠤᠷ ᠹᠢᠯᠢᠮ ᠤᠨ ᠭᠤᠶᠤᠴᠢᠯᠠᠨ ᠮᠡᠳᠡᠭᠦᠯᠬᠦ ᠠᠵᠢᠯ ᠢ ᠵᠢᠩᠬᠢᠨᠢ ᠪᠠᠷ ᠡᠬᠢᠯᠡᠭᠦᠯᠵᠦ᠂ ᠲᠠᠷᠠᠭᠠᠴᠢ ᠶᠢᠨ ᠠᠯᠬᠤᠮ ᠳᠤ ︽ᠰᠦᠯᠵᠢᠶᠡᠨ ᠳᠡᠭᠡᠷᠡᠬᠢ ᠲᠠᠪᠴᠠᠩ + ᠺᠢᠨᠣ᠋ ᠶᠢᠨ ᠣᠷᠳᠣᠨ ᠤ ᠴᠡᠭᠯᠡᠨ ᠨᠡᠶᠢᠲᠡᠯᠡᠬᠦ︾ ᠵᠠᠭᠪᠤᠷ ᠢᠶᠠᠷ ᠳᠠᠮᠵᠢᠭᠤᠯᠤᠨ ᠦᠵᠡᠭᠴᠢᠳ ᠲᠠᠢ ᠠᠭᠤᠯᠵᠠᠵᠤ᠂ ᠬᠡᠷᠡᠯ ᠰᠡᠭᠦᠳᠡᠷ ᠢᠶᠠᠷ ᠪᠢᠷ ᠪᠣᠯᠭᠠᠵᠤ᠂ ᠥᠯᠢᠭᠡᠷ ᠢᠶᠠᠷ ᠪᠡᠭᠡ ᠪᠣᠯᠭᠠᠵᠤ᠂ ᠤᠮᠠᠷᠠᠳᠤ ᠬᠢᠯᠢ ᠶᠢᠨ ᠰᠤᠶᠤᠯ ᠢ ᠨᠡᠩ ᠥᠩᠭᠡ ᠭᠢᠯᠪᠠᠭ᠎ᠠ ᠲᠠᠢ ᠳᠡᠯᠭᠡᠷᠡᠭᠦᠯᠬᠦ ᠪᠣᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号