ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ︽ᠳᠣᠲᠣᠭᠠᠳᠤ ᠭᠠᠳᠠᠭᠠᠳᠤ ᠶᠢ ᠵᠡᠷᠭᠡ ᠪᠠᠷ ᠵᠠᠰᠠᠬᠤ︾︔ | ᠬᠤᠲᠠ ᠶᠢᠨ ᠵᠠᠮ ᠤᠨ ᠲᠣᠤᠷ ᠤᠨ ᠳᠣᠲᠣᠭᠠᠳᠤ ᠭᠠᠳᠠᠭᠠᠳᠤ ᠶᠢ ᠰᠠᠭᠠᠳ ᠥᠬᠡᠶ ᠨᠡᠪᠲᠡᠷᠡᠭᠦᠯᠦᠨ᠎ᠡ︔ ᠬᠠᠷᠮᠠᠨ | ᠴᠡᠴᠡᠷᠯᠢᠭ᠂ ᠰᠡᠯᠡᠭᠦᠴᠡᠯ ᠤᠨ ᠵᠠᠮ ᠵᠡᠷᠭᠡ ᠬᠤᠲᠠ ᠶᠢᠨ ᠠᠮᠠᠷᠠᠯᠲᠠ ᠶᠢᠨ ᠣᠷᠣᠨ ᠵᠠᠶ ᠶᠢᠨ ᠪᠠᠶᠢᠷᠢᠰᠢᠭᠤᠯᠤᠯ ᠨᠢ ᠵᠦᠶ | ᠵᠣᠬᠢᠰᠲᠠᠶ ᠁ ᠡᠳᠦᠭᠡ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠠᠯᠬᠤᠯᠠᠬᠤ ᠳᠤ᠂ ᠠᠯᠬᠤᠮ | ᠰᠢᠯᠵᠢᠬᠦ ᠪᠦᠷᠢ ᠳᠤ ᠨᠢᠳᠦ ᠳᠦᠭᠦᠷᠡᠩ ᠰᠢᠨ᠎ᠡ ᠦᠵᠡᠮᠵᠢ ᠲᠠᠢ ᠪᠣᠯᠵᠠᠢ᠃ ᠲᠠᠷᠬᠠᠨ ᠮᠤᠤᠮᠢᠩᠭᠠᠨ ᠤ ᠬᠤᠳᠠ ᠶᠢᠨ | ᠬᠦᠷᠢᠶ᠎ᠠ ᠬᠡᠪᠴᠢᠶ᠎ᠠ ᠲᠠᠰᠤᠷᠠᠯᠳᠠ ᠦᠭᠡᠢ ︽ᠰᠢᠨᠡᠴᠢᠯᠡᠭᠳᠡᠵᠦ︾᠂ ᠰᠠᠭᠤᠭᠠᠯᠢ ᠠᠷᠠᠳ ᠤᠨ ᠵᠤᠯ ᠵᠢᠷᠭᠠᠯᠳᠦ | ᠲᠦᠷᠦᠭᠳᠡᠯ ᠲᠠᠰᠤᠷᠠᠯᠳᠠ ᠦᠭᠡᠢ ᠲᠡᠭᠡᠭᠰᠢᠯᠡᠵᠦ ᠪᠠᠶᠢᠨ᠎ᠡ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠰᠢᠦᠳᠠᠨ ᠤ ᠶᠠᠪᠤᠳᠠᠯ ᠤᠨ | ᠭᠡᠷ ᠪᠦᠯᠢ ᠶᠢᠨ ᠠᠰᠠᠷ ᠢ 30 ᠭᠠᠷᠤᠢ ᠵᠢᠯ ᠤᠨ ᠡᠮᠦᠨ᠎ᠡ ᠪᠠᠶᠢᠭᠤᠯᠵᠤ᠂ ᠡᠨᠡ ᠵᠢᠯ 77 ᠨᠠᠰᠤᠲᠠᠢ ᠶᠢᠨ ᠯᠢᠶᠠᠨ | ᠿᠧᠨ ᠡᠪᠦᠭᠡᠨ ᠪᠣᠯ ᠡᠨᠡ ᠬᠦ ᠬᠠᠭᠤᠴᠢᠨ ᠰᠠᠭᠤᠭᠠᠯᠢ ᠲᠣᠭᠤᠷᠢᠭ ᠤᠨ ︽ᠤᠤᠯ ᠤᠨ ᠰᠠᠭᠤᠭᠠᠯᠢ ᠠᠷᠠᠳ︾ ᠪᠣᠯᠤᠨ᠎ᠠ᠂ | ᠲᠡᠷᠡ ᠰᠠᠭᠤᠭᠠᠯᠢ ᠲᠣᠭᠤᠷᠢᠭ ᠤᠨ ᠨᠢᠭᠡ ᠡᠪᠡᠰᠦ ᠨᠢᠭᠡ ᠮᠣᠳᠣ ᠪᠦᠷᠢ ᠶᠢ ᠣᠶᠢᠯᠠᠭᠠᠨ᠎ᠠ᠂ ᠭᠡᠪᠡᠴᠦ ᠨᠢᠳᠦᠨ | ᠡᠮᠦᠨᠡᠬᠢ ᠠᠯᠢᠪᠠ ᠨᠢ ᠬᠠᠷᠢᠨ ᠲᠡᠭᠦᠨ ᠳᠤ ︽ᠲᠠᠨᠢᠯ ᠪᠤᠰᠤ︾ ᠪᠣᠯᠵᠠᠢ᠃ | ᠳᠠᠬᠢᠨ ᠥᠩᠭᠡᠯᠡᠭᠰᠡᠨ ᠪᠠᠷᠢᠯᠭ᠎ᠠ ᠶᠢᠨ ᠨᠢᠭᠤᠷ᠂ ᠪᠥᠬᠦᠯᠢ ᠴᠣᠭᠴᠠ ᠪᠠᠷ ᠬᠠᠲᠠᠭᠤᠷᠠᠭᠤᠯᠤᠭᠰᠠᠨ ᠰᠠᠭᠤᠭᠠᠯᠢ | ᠲᠣᠭᠤᠷᠢᠭ ᠤᠨ ᠵᠠᠮ᠂ ᠤᠰᠤ ᠵᠠᠯᠠᠬᠤ ᠬᠤᠭᠤᠯᠠᠢ᠂ ᠤᠰᠤ ᠬᠠᠩᠭᠠᠬᠤ ᠬᠤᠭᠤᠯᠠᠢ᠂ ᠰᠠᠭᠤᠭᠠᠯᠢ ᠲᠣᠭᠤᠷᠢᠭ ᠤᠨ | ᠴᠠᠬᠢᠯᠭᠠᠨ ᠬᠤᠭᠤᠯᠠᠢ ᠶᠢ ᠥᠭᠡᠷᠡᠴᠢᠯᠡᠬᠦ ᠪᠠᠷᠢᠯᠭ᠎ᠠ ᠁ ᠡᠮᠦᠨ᠎ᠡ ᠨᠢ ᠠᠳᠡ ᠪᠠᠰᠠ ᠬᠡᠷᠡᠮ ᠤᠨ ᠨᠢᠭᠤᠷ ᠨᠢ | ᠬᠠᠷᠠᠯᠠᠵᠤ᠂ ᠤᠰᠤ ᠵᠠᠯᠠᠬᠤ ᠬᠤᠭᠤᠯᠠᠢ ᠪᠥᠭᠯᠡᠷᠡᠭᠰᠡᠨ ︽ᠬᠠᠭᠤᠴᠢᠷᠠᠵᠤ ᠡᠪᠳᠡᠷᠡᠭᠰᠡᠨ︾ ᠰᠠᠭᠤᠭᠠᠯᠢ ᠲᠣᠭᠤᠷᠢᠭ | ᠪᠣᠯᠬᠤ ᠶᠢ ᠬᠡᠨ ᠪᠣᠳᠤᠵᠤ ᠣᠯᠬᠤ ᠪᠣᠢ᠃ ︽ᠪᠢ ᠠᠳᠡ 30 ᠭᠠᠷᠤᠢ ᠵᠢᠯ ᠰᠠᠭᠤᠯ᠎ᠠ᠂ ᠤᠳᠠᠭᠠᠨ ᠵᠢᠯ ᠵᠠᠰᠠᠵᠤ | ᠰᠡᠯᠪᠢᠭᠰᠡᠨ ᠦᠭᠡᠢ ᠠᠴᠠ ᠪᠣᠯᠵᠤ ᠠᠰᠠᠷ ᠳᠡᠭᠡᠷᠡᠬᠢ ᠤᠰᠤ ᠰᠡᠷᠭᠡᠶᠢᠯᠡᠬᠦ᠂ ᠳᠤᠯᠠᠭᠠᠨ ᠢ ᠬᠠᠳᠠᠭᠠᠯᠠᠬᠤ ᠴᠢᠳᠠᠮᠵᠢ ᠨᠢ | ᠳᠡᠮᠡᠢ ᠰᠠᠶᠢᠨ ᠪᠢᠰᠢ ᠪᠣᠯᠵᠠᠢ᠂ ᠬᠡᠷᠡᠮ ᠨᠢ ᠪᠠᠰᠠ ᠴᠦ ᠡᠪᠳᠡᠷᠡᠵᠦ ᠬᠠᠭᠤᠴᠢᠷᠠᠵᠤ᠂ ᠰᠠᠭᠤᠭᠠᠯᠢ ᠲᠣᠭᠤᠷᠢᠭ ᠤᠨ ᠵᠠᠮ | ᠴᠤ ᠶᠠᠪᠤᠬᠤ ᠳᠤ ᠬᠦᠴᠢᠷ᠃ ᠭᠡᠪᠡᠴᠦ ᠡᠨᠡ ᠵᠢᠯ ᠵᠠᠰᠠᠭ ᠤᠨ ᠣᠷᠳᠣᠨ ᠠᠴᠠ ᠪᠢᠳᠡᠨ ᠳᠤ ᠪᠦᠬᠦᠯᠢ ᠴᠣᠭᠴᠠ ᠪᠠᠷ ᠨᠢ | ᠰᠡᠯᠪᠢᠨ ᠵᠠᠰᠠᠵᠤ ᠥᠭᠴᠡᠶ᠂ ᠰᠠᠭᠤᠭᠠᠯᠢ ᠲᠣᠭᠤᠷᠢᠭ ᠢ ᠦᠵᠡᠬᠦ ᠳᠤ ᠴᠣ ᠰᠢᠨ᠎ᠡ ᠪᠠᠶᠢᠳᠠᠯ ᠲᠠᠢ ᠪᠣᠯᠵᠠᠢ᠂ ᠵᠠᠮ ᠤᠨ | ᠭᠠᠳᠠᠷᠭᠤ ᠴᠤ ᠲᠡᠭᠰᠢᠷᠡᠵᠦ ᠶᠠᠪᠤᠬᠤ ᠳᠤ ᠳᠦᠭᠦᠮ ᠪᠣᠯᠵᠠᠢ᠂ ᠠᠮᠢᠳᠤᠷᠠᠯ ᠤᠨ ᠣᠷᠴᠢᠨ ᠲᠣᠭᠤᠷᠢᠨ ᠨᠢ ᠴᠦ | ᠣᠷᠣᠰᠢᠨ ᠰᠠᠭᠤᠬᠤ ᠳᠤ ᠨᠠᠩ ᠲᠣᠬᠢᠷᠠᠮᠵᠢᠲᠠᠶ ᠪᠣᠯᠵᠠᠢ᠂ ᠮᠠᠨ ᠤ ᠠᠳᠡᠬᠢ ᠰᠠᠭᠤᠭᠠᠯᠢ ᠡᠷᠦᠬᠡ ᠥᠭᠡᠷᠡᠴᠢᠯᠡᠯᠲᠡ ᠳᠤ | ᠴᠥᠮ ᠮᠠᠰᠢ ᠬᠠᠨᠤᠮᠵᠢᠲᠠᠶ ᠪᠠᠶᠢᠨ᠎ᠠ᠃︾ ᠭᠡᠵᠦ ᠶᠢᠨ ᠯᠢᠶᠠᠨ ᠿᠧᠨ ᠡᠪᠦᠭᠡᠨ ᠤᠳᠠᠯ ᠦᠭᠡᠶ ᠪᠠᠷᠢᠯᠭ᠎ᠠ ᠳᠠᠭᠤᠰᠬᠤ | ᠭᠡᠵᠦ ᠪᠠᠶᠢᠭ᠎ᠠ ᠵᠠᠮ ᠢ ᠬᠠᠷᠠᠭᠠᠳ ᠮᠠᠰᠢ ᠪᠠᠶᠠᠷᠲᠠᠢ ᠪᠠᠷ ᠬᠡᠯᠡᠪᠡ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠣᠯᠠᠨ ᠲᠦᠮᠡᠨ ᠤ ᠬᠦᠰᠡᠯ ᠡᠷᠡᠮᠡᠯᠵᠡᠯ ᠳᠤ ᠵᠣᠬᠢᠴᠠᠭᠤᠯᠤᠨ᠂ ᠬᠠᠭᠤᠴᠢᠨ | ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠠ ᠬᠤᠲᠠ ᠶᠢᠨ ᠰᠢᠨᠡᠴᠢᠯᠡᠯᠲᠡ ᠶᠢ ᠣᠷᠭᠠᠨᠢᠭ ᠢᠶᠠᠷ | ᠤᠶᠠᠯᠳᠤᠭᠤᠯᠵᠤ᠂ ᠬᠠᠭᠤᠴᠢᠨ ᠰᠠᠭᠤᠭᠠᠯᠢ ᠲᠣᠭᠤᠷᠢᠭ ᠢ ︽ᠲᠣᠳᠣᠭᠠᠳᠣ ᠭᠠᠳᠠᠭᠠᠳᠤ ᠶᠢ ᠵᠡᠷᠭᠡ ᠪᠠᠷ ᠵᠠᠰᠠᠬᠤ︾ ᠪᠠᠷ | ᠳᠠᠮᠵᠢᠭᠤᠯᠤᠨ ᠥᠭᠡᠷᠡᠴᠢᠯᠡᠨ ᠳᠡᠭᠡᠭᠰᠢᠯᠡᠭᠦᠯᠵᠦ᠂ ᠪᠠᠷᠢᠯᠭ᠎ᠠ ᠶᠢᠨ ᠲᠣᠰ ᠴᠣᠭᠴᠠ ᠶᠢ ᠥᠭᠡᠷᠡᠴᠢᠯᠡᠨ | ᠰᠠᠶᠢᠵᠢᠷᠠᠭᠤᠯᠬᠤ ᠶᠢ ᠥᠨᠳᠥᠷ ᠪᠠᠷᠢᠮᠵᠢᠶ᠎ᠠ ᠪᠠᠷ ᠲᠦᠯᠬᠢᠨ ᠠᠬᠢᠭᠤᠯᠤᠭᠰᠠᠨ ᠰᠠᠭᠤᠷᠢᠨ ᠳᠡᠭᠡᠷ᠎ᠡ᠂ ︽ᠨᠢᠭᠤᠷ ᠲᠠᠯ᠎ᠠ︾ | ᠶᠢ ᠬᠠᠮᠲᠤ ᠳᠤ ᠨᠢ ᠬᠠᠷᠠᠭᠠᠯᠵᠠᠭᠰᠠᠨ ᠮᠥᠷᠲᠡᠭᠡᠨ ᠪᠠᠰᠠ ︽ᠳᠣᠲᠣᠷ ᠲᠠᠯ᠎ᠠ︾ ᠶᠢ ᠴᠢᠩᠭᠠᠷᠠᠭᠤᠯᠪᠠ᠃ | ᠵᠡᠭᠡᠯᠢ ᠭᠤᠳᠤᠮᠵᠢ ᠪᠣᠯ ᠬᠤᠲᠠ ᠶᠢᠨ ︽ᠪᠦᠲᠦᠴᠡ ᠵᠦᠢ︾ ᠪᠣᠯᠬᠤ ᠪᠥᠭᠡᠳ ᠰᠠᠭᠤᠭᠠᠯᠢ ᠠᠷᠠᠳ ᠤᠨ ︽ | ᠵᠣᠯ ᠵᠢᠷᠭᠠᠯ ᠤᠨ ᠵᠢᠭᠠᠯᠲᠠ ᠲᠤᠭ᠎ᠠ︾ ᠶᠢ ᠬᠠᠮᠤᠭ ᠤᠨ ᠰᠢᠭᠤᠳ ᠢᠶᠠᠷ ᠢᠯᠡᠷᠡᠭᠦᠯᠵᠦ ᠴᠢᠳᠠᠨ᠎ᠠ᠃ ᠪᠠᠲᠤᠬᠠᠭᠠᠯᠭ᠎ᠠ | ᠪᠠᠯᠭᠠᠰᠤᠨ ᠤ ᠪᠠᠶᠠᠨ ᠵᠠᠮ ᠤᠨ ᠬᠡᠰᠡᠭ ᠤᠨ ᠵᠠᠮ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠵᠠᠮ ᠤᠨ | ᠬᠠᠰᠢᠯᠭ᠎ᠠ ᠶᠢ ᠨᠢᠭᠡᠨᠲᠡ ᠪᠦᠳᠦᠭᠡᠨ ᠪᠠᠶᠢᠭᠤᠯᠵᠤ ᠳᠠᠭᠤᠰᠴᠤ᠂ ᠲᠤᠮᠤ ᠬᠡᠯᠪᠡᠷᠢ ᠶᠢᠨ ᠮᠠᠰᠢᠨ ᠪᠦᠬᠦᠨ ᠢ ᠲᠠᠯᠠᠪᠠᠢ ᠳᠤ | ᠣᠷᠣᠭᠤᠯᠵᠤ᠂ ᠪᠠᠷᠢᠯᠭ᠎ᠠ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ | ︽ᠪᠢ ᠪᠣᠯ ᠠᠳᠡᠬᠢ ᠬᠠᠭᠤᠴᠢᠨ ᠰᠠᠭᠤᠭᠠᠯᠢ ᠡᠷᠦᠬᠡ ᠪᠣᠯᠤᠨ᠎ᠠ᠂ ᠦᠷᠭᠦᠯᠵᠢ ᠡᠨᠡ ᠵᠠᠮ ᠢᠶᠠᠷ ᠶᠠᠪᠤᠳᠠᠭ᠂ | ᠥᠩᠭᠡᠷᠡᠭᠰᠡᠨ ᠳᠤ ᠬᠤᠲᠣᠭᠤᠷ ᠭᠠᠵᠠᠷ ᠢᠶᠠᠷ ᠶᠠᠪᠤᠵᠤ ᠪᠠᠶᠢᠬᠤ ᠳᠤ ᠮᠠᠰᠢ ᠳᠥᠭᠦᠮ ᠦᠭᠡᠢ ᠪᠠᠶᠢᠵᠠᠢ᠂ ᠡᠨᠡ | ᠤᠳᠠᠭᠠᠨ ᠤ ᠰᠡᠯᠪᠢᠨ ᠵᠠᠰᠠᠭᠰᠠᠨ ᠨᠢ ᠦᠨᠡᠬᠡᠷ ᠳᠠᠶᠠᠭᠠᠷ ᠲᠤ ᠪᠣᠳᠠᠲᠤ ᠶᠠᠪᠤᠳᠠᠯ ᠬᠢᠵᠦ ᠥᠭᠴᠡᠶ᠃︾ ᠭᠡᠵᠦ ᠪᠠᠢ | ᠶᠦᠨ ᠵᠠᠮ ᠤᠨ ᠡᠮᠦᠨᠡᠬᠢ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠬᠤ᠋ ᡁᠢ ᠿᠦᠩ ᠬᠡᠯᠡᠪᠡ᠃ ᠡᠭᠦᠨ ᠲᠠᠢ | ᠠᠳᠠᠯᠢ ᠪᠠᠷ᠂ ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠴᠢᠬᠤᠯᠠ ᠵᠠᠮ ᠪᠣᠯᠤᠭᠰᠠᠨ ᠤ ᠬᠤᠪᠢ ᠳᠤ᠂ | ᠪᠠᠲᠤᠬᠠᠭᠠᠯᠭ᠎ᠠ ᠪᠠᠯᠭᠠᠰᠤᠨ ᠤ ᠪᠢᠨ ᠾᠧ ᠵᠠᠮ ᠤᠨ ᠬᠡᠰᠡᠭ ᠤᠷᠳᠤ ᠬᠤᠭᠤᠴᠠᠭ᠎ᠠ ᠪᠠᠷ ᠵᠠᠮ ᠢᠪᠴᠤᠤ᠂ ᠤᠰᠤ | ᠭᠠᠳᠠᠭᠰᠢᠯᠠᠭᠤᠯᠬᠤ ᠳᠤ ᠰᠠᠭᠠᠳ ᠲᠠᠢ ᠵᠡᠷᠭᠡ ᠠᠰᠠᠭᠤᠳᠠᠯ ᠳᠤ ᠪᠠᠷᠢᠭᠳᠠᠵᠠᠢ᠃ ᠲᠣᠰ ᠤᠳᠠᠭᠠᠨ ᠤ ᠥᠭᠡᠷᠡᠴᠢᠯᠡᠨ | ᠰᠢᠨᠡᠳᠬᠡᠬᠦ ᠢᠨᠵᠧᠨᠧᠷᠢᠩ ᠨᠢ 680 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠪᠥᠬᠦ ᠣᠷᠳᠣ ᠨᠢ 1987 | ᠮᠧᠲᠷ ᠤᠨ ᠪᠢᠨ ᠾᠧ ᠵᠠᠮ ᠳᠤ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠳᠡᠪᠢᠰᠬᠦ ᠶᠢᠨ ᠬᠠᠮᠲᠤ ᠤᠤᠯ ᠤᠨ | ᠵᠠᠮ ᠢ ᠨᠢ ᠥᠷᠭᠡᠳᠬᠡᠵᠦ᠂ ᠭᠡᠷᠡᠯᠲᠦᠭᠦᠯᠭᠡ ᠶᠢᠨ ᠲᠥᠬᠦᠭᠡᠷᠦᠮᠵᠢ ᠶᠢ ᠲᠠᠰ ᠳᠡᠪᠰᠢᠭᠦᠯᠬᠦ ᠵᠢᠴᠢ ᠵᠠᠮ ᠤᠨ | ᠪᠦᠷᠬᠦᠭᠦᠯ ᠤᠨ ᠢᠨᠵᠧᠨᠧᠷᠢᠩ ᠢ ᠵᠡᠷᠭᠡ ᠪᠠᠷ ᠬᠡᠷᠡᠭᠵᠢᠭᠦᠯᠦᠨ᠎ᠡ᠃ ︽ᠤᠤᠯ ᠨᠢ ᠡᠨᠡ ᠬᠦ ᠵᠠᠮ ᠨᠢ ᠢᠪᠴᠤᠤ | ᠮᠥᠷᠲᠡᠭᠡᠨ ᠡᠪᠳᠡᠷᠬᠡᠶ᠂ ᠲᠡᠷᠭᠡᠨ ᠤᠷᠤᠰᠬᠠᠯ ᠤᠨ ᠬᠡᠮᠵᠢᠶ᠎ᠡ ᠨᠢ ᠴᠤ ᠣᠨᠴᠠᠭᠠᠶ ᠶᠡᠭᠡ ᠪᠠᠶᠢᠵᠠᠢ᠂ ᠡᠨᠡ ᠤᠳᠠᠭᠠᠨ ᠤ | ᠥᠭᠡᠷᠡᠴᠢᠯᠡᠯᠲᠡ ᠪᠠᠷ ᠳᠠᠮᠵᠢᠨ ᠵᠠᠮ ᠨᠢ ᠥᠷᠭᠡᠨ ᠳᠠᠷᠳᠠᠩ ᠮᠦᠷᠲᠡᠭᠡᠨ ᠲᠡᠭᠰᠢ ᠪᠣᠯᠵᠠᠶ᠃ ᠮᠠᠨ ᠤ ᠡᠷᠬᠢᠨ | ᠲᠣᠭᠤᠷᠢᠨ ᠤ ᠬᠤᠳᠠᠯᠳᠤᠭᠠᠴᠢᠨ ᠡᠷᠦᠬᠡ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠨᠠᠩ ᠲᠥᠬᠦᠮ ᠪᠣᠯᠵᠤ᠂ | ᠦᠨᠡᠬᠡᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠮᠥᠨ᠃︾ ᠭᠡᠵᠦ ᠡᠷᠭᠢᠨ ᠲᠣᠭᠤᠷᠢᠨ ᠤ ᠬᠤᠳᠠᠯᠳᠤᠭᠠᠴᠢᠨ | ᠡᠷᠦᠬᠡ ᠪᠠᠢ ᠰᠢᠦᠸᠠᠢ ᠹᠧᠩ ᠬᠡᠯᠡᠪᠡ᠃ ᠬᠤᠲᠠ ᠪᠠᠯᠭᠠᠰᠤᠵᠢᠯᠲᠠ ᠶᠢᠨ ᠠᠬᠢᠴᠠ ᠶᠢᠨ ᠦᠷᠭᠦᠯᠵᠢᠯᠡᠨ | ᠭᠦᠨᠵᠡᠭᠡᠶᠢᠷᠡᠬᠦ ᠶᠢ ᠳᠠᠭᠠᠯᠳᠤᠨ᠂ ᠬᠤᠲᠠ ᠶᠢᠨ ᠬᠥᠭᠵᠢᠯᠲᠡ ᠶᠢᠨ ᠭᠤᠣᠯᠳᠠᠯᠭ᠎ᠠ ᠨᠢ ᠨᠢᠭᠡᠨᠲᠡ ︽ᠬᠡᠮᠵᠢᠶ᠎ᠡ︾ ᠶᠢᠨ | ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠪᠠᠶᠢᠭᠰᠠᠨ ᠠᠴᠠ ᠪᠠᠨ ︽ᠶᠠᠰᠤ ᠴᠢᠨᠠᠷ︾ ᠢ ᠬᠥᠭᠡᠭᠡᠴᠡᠯᠳᠦᠬᠦ ᠦᠰᠦᠷᠦᠯᠲᠡ | ᠪᠣᠯᠪᠠ᠃ | ᠨᠢᠭᠡᠨ ᠬᠤᠲᠠ ᠶᠢᠨ ᠬᠥᠭᠵᠢᠯᠲᠡ ᠨᠢ ᠶᠡᠭᠡ ᠬᠡᠪᠴᠢᠶᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ︽ | ᠶᠡᠭᠡ ᠵᠢᠷᠤᠭ ᠲᠥᠯᠥᠪᠯᠡᠭᠡ︾ ᠪᠠᠶᠢᠬᠤ ᠪᠠᠷ ᠪᠠᠷᠠᠬᠤ ᠦᠭᠡᠢ ᠪᠠᠰᠠ ᠰᠠᠭᠤᠭᠠᠯᠢ ᠠᠷᠠᠳ ᠤᠨ ᠣᠷᠣᠨ ᠰᠠᠭᠤᠴᠠ ᠶᠢᠨ | ᠵᠣᠯ ᠵᠢᠷᠭᠠᠯ ᠤᠨ ︽ᠵᠢᠵᠢᠭ ᠬᠠᠷᠠᠯᠲᠠ︾ ᠶᠢ ᠰᠡᠳᠬᠢᠯ ᠲᠠᠯᠪᠢᠨ ᠰᠦᠯᠵᠢᠬᠦ ᠬᠡᠷᠡᠭᠲᠡᠢ᠃ | ᠣᠶᠢᠷ᠎ᠠ ᠳᠤ᠂ ︽ᠪᠢᠴᠢᠬᠠᠨ ᠬᠡᠦᠬᠡᠨ︾ ᠤ ᠬᠠᠨ᠎ᠠ ᠶᠢᠨ ᠵᠢᠷᠤᠭ ᠨᠢ ᠳᠠᠷᠬᠠᠨ ᠮᠤᠤᠮᠢᠩᠭᠠᠨ ᠤ ᠬᠦᠮᠦᠰ ᠤᠨ | ᠨᠠᠶᠢᠵᠠ ᠶᠢᠨ ᠲᠣᠭᠤᠷᠢᠭ ᠲᠤ ᠪᠠᠶᠢᠨ ᠳᠠᠬᠢᠨ ᠢᠯᠡᠷᠡᠪᠡ᠃ ︽ᠲᠠ ᠠᠩᠬᠠᠷᠤᠭᠰᠠᠨ ᠤᠤ︖ ᠲᠡᠨᠳᠡ ᠤᠤᠯ ᠨᠢ | ᠲᠡᠮᠦᠷ ᠬᠠᠪᠲᠠᠰᠤ ᠪᠠᠷ ᠬᠦᠷᠢᠶᠡᠯᠡᠵᠦ ᠪᠠᠶᠢᠵᠠᠢ᠂ ᠣᠳᠣ ᠲᠡᠮᠦᠷ ᠬᠠᠪᠲᠠᠰᠤ ᠶᠢ ᠠᠪᠴᠤ ᠬᠠᠶᠠᠭᠰᠠᠨ ᠢᠶᠠᠷ ᠪᠠᠷᠠᠬᠤ | ᠦᠭᠡᠢ ᠪᠠᠰᠠ ᠬᠠᠨ᠎ᠠ ᠶᠢᠨ ᠵᠢᠷᠤᠭ ᠵᠢᠷᠤᠪᠠ᠂ ᠨᠢᠭᠡ ᠵᠢᠵᠢᠭ ᠬᠡᠯᠪᠡᠷᠢ ᠶᠢᠨ ᠴᠡᠴᠡᠷᠯᠢᠭ ᠪᠣᠯᠵᠠᠶ᠃ ᠡᠷᠭᠢᠬᠦ | ᠥᠨᠴᠥᠭ ᠤᠨ ᠣᠷᠣᠨ ᠤ ᠰᠠᠭᠤᠭᠠᠯᠢ ᠠᠷᠠᠳ ᠥᠩᠭᠡ ᠢᠯᠭᠠᠷᠠᠭᠰᠠᠨ ᠬᠡᠷᠡᠮ ᠢ ᠰᠣᠴᠢᠨ ᠢᠯᠡᠷᠡᠭᠦᠯᠪᠡ᠃ ᠤᠤᠯ ᠨᠢ | ᠬᠠᠭᠤᠴᠢᠷᠬᠠᠰᠠᠨ ᠬᠡᠷᠡᠮ ᠨᠢ ᠴᠣ ᠰᠢᠨ᠎ᠡ ᠪᠠᠶᠢᠳᠠᠯ ᠲᠠᠢ ᠪᠣᠯᠵᠣ᠂ ᠮᠠᠰᠢ ᠣᠯᠠᠨ ᠰᠠᠭᠤᠭᠠᠯᠢ ᠠᠷᠠᠳ ᠤᠨ ᠰᠡᠭᠦᠳᠡᠷ | ᠠᠪᠬᠤ ᠭᠠᠵᠠᠷ ᠪᠣᠯᠵᠣ᠂ ᠬᠡᠷᠡᠮ ᠤᠨ ᠬᠠᠯᠢᠰᠤ ᠬᠠᠭᠤᠷᠠᠬᠤ ᠠᠴᠠ ︽ᠰᠡᠭᠦᠳᠡᠷ ᠠᠪᠬᠤ ᠭᠠᠵᠠᠷ︾ ᠬᠦᠷᠲᠡᠯ᠎ᠡ᠂ ︽ | ᠰᠢᠨ᠎ᠡ︾ ︽ᠬᠠᠭᠤᠴᠢᠨ︾ ᠢ ᠠᠭᠤᠰᠤᠯᠴᠠᠭᠤᠯᠬᠤ ᠶᠢᠨ ᠬᠤᠭᠤᠷᠣᠨᠳᠣ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ | ᠪᠠ ᠣᠷᠣᠨ ᠵᠠᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠣᠷᠭᠠᠨᠢᠭ ᠢᠶᠠᠷ | ᠤᠶᠠᠯᠳᠤᠭᠤᠯᠬᠤ ᠶᠢ ᠪᠡᠶᠡᠯᠡᠭᠦᠯᠦᠨ᠎ᠡ᠃ ᠬᠤᠸᠠᠷ ᠴᠡᠴᠡᠭ ᠡᠪᠡᠰᠦ ᠮᠣᠳᠣ ᠡᠮᠬᠢ ᠳᠢᠭᠯᠢᠮ ᠲᠠᠢ ᠪᠠᠶᠢᠵᠤ᠂ | ᠦᠵᠡᠮᠵᠢ ᠶᠢᠨ ᠬᠤᠩᠬᠢᠯ ᠤᠨ ᠵᠢᠶᠠᠰᠠ ᠲᠠᠢ ᠬᠤᠯᠪᠣᠯᠳᠤᠭᠰᠠᠨ ᠬᠤᠭᠤᠴᠠᠭᠠᠨ ᠳᠤ᠂ ᠨᠢᠭᠡᠳ ᠨᠢᠭᠡᠳ ᠢᠶᠠᠷ ᠵᠢᠵᠢᠭ | ᠪᠥᠭᠡᠳ ᠨᠠᠷᠢᠯᠢᠭ ᠬᠤᠳᠠ ᠶᠢᠨ ᠴᠡᠴᠡᠷᠯᠢᠭ ᠤᠳ ᠰᠠᠭᠤᠭᠠᠯᠢ ᠠᠷᠠᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ | ᠬᠦᠰᠡᠯ ᠡᠷᠡᠮᠡᠯᠵᠡᠯ ᠢ ᠠᠴᠢᠶᠠᠯᠠᠵᠤ᠂ ᠬᠤᠳᠠ ᠶᠢᠨ ᠰᠢᠨᠡᠴᠢᠯᠡᠯᠲᠡ ᠶᠢᠨ ᠠᠮᠢᠳᠤᠯᠢᠭ ᠦᠢᠯᠡᠳᠦᠯᠭᠡ ᠪᠣᠯᠵᠠᠢ᠃ | ︽ᠡᠨᠡ ᠵᠢᠯ ᠠᠴᠠ ᠨᠠᠭᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠤᠰᠢᠭᠤᠨ ᠤ ᠨᠠᠮ ᠤᠨ | ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠵᠤ᠂ ᠬᠤᠲᠠ ᠶᠢᠨ ᠰᠢᠨᠡᠴᠢᠯᠡᠯᠲᠡ ᠪᠠ ᠣᠷᠣᠰᠢᠨ ᠰᠠᠭᠤᠬᠤ ᠳᠤ ᠲᠣᠬᠢᠷᠠᠮᠵᠢᠲᠠᠶ ᠪᠥᠲᠥᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠳᠥᠯᠭᠢᠨ ᠠᠬᠢᠭᠤᠯᠪᠠ᠃ ᠣᠲᠣ ᠪᠣᠯᠲᠠᠯ᠎ᠠ᠂ ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠬᠦ᠂ ᠪᠢᠨ ᠾᠧ ᠵᠠᠮ ᠤᠨ ᠤᠰᠤ ᠵᠠᠯᠠᠬᠤ ᠵᠢᠴᠢ ᠵᠠᠮ ᠢ ᠥᠭᠡᠷᠡᠴᠢᠯᠡᠬᠦ ᠢᠨᠵᠧᠨᠧᠷᠢᠩ ᠵᠡᠷᠭᠡ | 5 ᠵᠦᠢᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠢ ᠡᠬᠢᠯᠡᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ | 4400 ᠭᠠᠷᠤᠶ ᠲᠦᠮᠡᠨ ᠲᠥᠭᠦᠷᠢᠭ ᠲᠤ ᠬᠦᠷᠴᠦ᠂ ᠡᠭᠦᠨ ᠳᠤ ᠲᠦᠷ ᠴᠠᠭ ᠤᠨ ᠠᠷᠠᠳ ᠲᠤ ᠲᠥᠬᠦᠮ ᠦᠵᠡᠭᠦᠯᠬᠦ | ᠵᠠᠬ᠎ᠠ ᠳᠡᠯᠭᠡᠭᠦᠷ᠂ ᠪᠠᠶᠠᠨ ᠵᠠᠮ ᠤᠨ ᠵᠠᠮ ᠤᠨ ᠤᠰᠤ ᠲᠠᠲᠠᠷᠠᠭᠤᠯᠬᠤ ᠥᠭᠡᠷᠡᠴᠢᠯᠡᠯᠲᠡ ᠶᠢᠨ ᠢᠨᠵᠧᠨᠧᠷᠢᠩ ᠢ 5 | ᠳ᠋ᠤᠭᠠᠷ ᠰᠠᠷ᠎ᠠ ᠳᠤ ᠨᠢᠭᠡᠨᠲᠡ ᠠᠵᠢᠯ ᠡᠬᠢᠯᠡᠭᠦᠯᠪᠡ᠃ ᠬᠠᠭᠤᠴᠢᠨ ᠰᠠᠭᠤᠭᠠᠯᠢ ᠲᠣᠭᠤᠷᠢᠭ ︵ᠭᠤᠷᠪᠠᠳᠤᠭᠠᠷ | ᠬᠤᠭᠤᠴᠠᠭ᠎ᠠ︶ ᠤᠨ ᠥᠭᠡᠷᠡᠴᠢᠯᠡᠯᠲᠡ ᠶᠢ ᠵᠡᠷᠭᠡᠪᠡᠷ ᠠᠬᠢᠭᠤᠯᠵᠤ᠂ ᠰᠢᠤᠳᠠᠨ ᠭᠡᠷ ᠪᠦᠯᠢ ᠶᠢᠨ ᠠᠰᠠᠷ ᠵᠡᠷᠭᠡ | ᠬᠠᠭᠤᠴᠢᠨ ᠰᠠᠭᠤᠭᠠᠯᠢ ᠲᠣᠭᠤᠷᠢᠭ ᠢ ᠬᠠᠮᠤᠷᠴᠤ᠂ ᠤᠰᠤ ᠬᠠᠩᠭᠠᠬᠤ᠂ ᠢᠯᠴᠢ ᠬᠠᠩᠭᠠᠬᠤ ᠵᠢᠴᠢ ᠡᠨᠧᠷᠭᠢ | ᠠᠷᠪᠢᠯᠠᠬᠤ ᠥᠭᠡᠷᠡᠴᠢᠯᠡᠯᠲᠡ ᠶᠢ 3500 ᠲᠡᠭᠰᠢ ᠳᠥᠷᠪᠡᠯᠵᠢᠨ ᠮᠧᠲᠷ ᠬᠢᠬᠦ ᠶᠢᠨ ᠬᠠᠮᠲᠤ ᠳᠥᠷᠪᠡᠳᠦᠭᠡᠷ | ᠬᠡᠤᠬᠡᠳ ᠤᠨ ᠴᠡᠴᠡᠷᠯᠢᠭ᠂ ᠥᠬᠢᠨ ᠠᠭᠤᠯᠠ ᠶᠢᠨ ᠡᠰᠡᠷᠭᠦ ᠲᠠᠯ᠎ᠠ ᠳᠤ 2 ᠲᠡᠷᠭᠡᠨ ᠵᠣᠭᠰᠣᠭᠠᠯ ᠢ ᠰᠢᠨ᠎ᠡ ᠪᠠᠷ | ᠪᠠᠶᠢᠭᠤᠯᠵᠤ᠂ ᠲᠡᠷᠭᠡᠨ ᠵᠣᠭᠰᠣᠭᠠᠯ ᠢ 90 ᠭᠠᠷᠤᠶ ᠰᠢᠨ᠎ᠡ ᠪᠠᠷ ᠨᠡᠮᠡᠭᠳᠡᠭᠦᠯᠪᠡ᠃ ᠰᠢᠨ᠎ᠡ ᠪᠠᠷ ᠪᠠᠢᠭᠤᠯᠤᠭᠰᠠᠨ | ᠴᠠᠬᠢᠯᠭᠠᠨ ᠴᠡᠨᠡᠭᠯᠡᠬᠦ ᠪᠠᠭᠠᠨ᠎ᠠ 16 ᠪᠠᠶᠢᠵᠤ᠂ ᠰᠠᠭᠤᠭᠠᠯᠢ ᠠᠷᠠᠳ ᠤᠨ ᠲᠡᠷᠭᠡ ᠵᠣᠭᠰᠣᠵᠤ ᠴᠠᠬᠢᠯᠭᠠᠨ ᠴᠡᠨᠡᠭᠯᠡᠬᠦ | ᠬᠦᠴᠢᠷᠳᠡᠯ ᠢ ᠨᠠᠮᠳᠠᠭᠠᠵᠠᠢ᠃︾ ᠭᠡᠵᠦ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠢ ᠲᠦᠷᠦᠯ ᠵᠦᠢᠯ ᠤᠨ ᠣᠷᠣᠯᠠᠨ ᠪᠠᠶᠢᠭᠤᠯᠬᠤ | ᠲᠥᠪ ᠤᠨ ᠡᠷᠬᠢᠯᠡᠭᠴᠢ ᠶᠠᠩ ᠰᠧᠨ ᠬᠡᠯᠡᠪᠡ᠃ ︽ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠪᠠᠷᠠᠭᠤᠨ | ᠭᠠᠳᠠᠭᠠᠳᠤ ᠲᠣᠭᠤᠷᠢᠯ ᠵᠠᠮ ᠤᠨ ᠵᠠᠮ ᠢ ᠬᠤᠯᠪᠣᠨ ᠨᠡᠪᠲᠡᠷᠡᠭᠦᠯᠬᠦ ᠢᠨᠵᠧᠨᠧᠷᠢᠩ᠂ ᠰᠢᠲᠠᠮᠠᠬᠠᠶ ᠬᠡᠶ ᠶᠢᠨ ᠬᠤᠭᠤᠯᠠᠶ ᠶᠢ | ᠰᠢᠨᠡᠳᠬᠡᠨ ᠥᠭᠡᠷᠡᠴᠢᠯᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠥᠬᠦ ᠲᠠᠯ᠎ᠠ ᠪᠠᠷ ᠠᠵᠢᠯ ᠳᠠᠭᠤᠰᠬᠠᠬᠤ ᠶᠢ ᠪᠠᠲᠤᠯᠠᠨ᠎ᠠ᠃ ᠡᠭᠦᠨ ᠤ | ᠬᠠᠮᠲᠤ᠂ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠬᠤᠶᠠᠳᠤᠭᠠᠷ ᠬᠤᠭᠤᠴᠠᠭ᠎ᠠ᠂ ᠤᠶᠤᠨᠲᠤ ᠬᠤᠲᠠ ᠶᠢᠨ | ᠬᠠᠮᠢᠶᠠᠷᠤᠯᠲᠠ ᠶᠢᠨ ᠰᠢᠰᠲ᠋ᠧᠮ ᠤᠨ ᠲᠠᠰ ᠳᠡᠪᠰᠢᠭᠦᠯᠬᠦ ᠲᠥᠷᠥᠯ ᠵᠦᠢᠯ ᠢ ᠦᠷᠭᠦᠯᠵᠢᠯᠡᠨ ᠰᠦᠪᠡᠭᠴᠢᠯᠡᠵᠦ᠂ ᠵᠢᠯ ᠤᠨ | ᠳᠣᠲᠣᠷ᠎ᠠ ᠳᠡᠭᠡᠳᠦ ᠱᠠᠲᠤᠨ ᠤ 4000 ᠲᠦᠮᠡᠨ ᠲᠥᠭᠦᠷᠢᠭ ᠤᠨ ᠪᠠᠯᠠ ᠮᠥᠩᠭᠦ ᠶᠢ ᠴᠢᠷᠮᠠᠶᠢᠨ ᠣᠯᠵᠤ᠂ | ᠨᠠᠷᠢᠯᠢᠬᠵᠢᠭᠤᠯᠤᠨ ᠥᠭᠡᠷᠡᠴᠢᠯᠡᠨ ᠰᠠᠶᠢᠵᠢᠷᠠᠭᠤᠯᠬᠤ ᠪᠠᠷ ᠬᠤᠲᠠ ᠪᠠᠯᠭᠠᠰᠤᠨ ᠤ ᠴᠢᠳᠠᠮᠵᠢ ᠶᠢᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠤᠶᠠᠨ ᠬᠠᠳᠠᠨ ᠴᠢᠨᠠᠷ ᠢ ᠪᠣᠶ ᠪᠣᠯᠭᠠᠨ᠎ᠠ︾ ᠭᠡᠵᠡᠶ᠃ |