ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 10 ᠤ ᠴᠠᠬᠢᠯᠭᠠᠨ ᠮᠡᠳᠡᠭᠡ 7 ᠰᠠᠷ᠎ᠠ ᠶᠢᠨ 10 ᠤ ᠡᠳᠦᠷ᠂ | ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ ᠰᠢ | ᠶᠢᠨ ᠫᠢᠩ ᠪᠥᠬᠦ ᠪᠥᠮᠪᠥᠷᠴᠡᠭ ᠤᠨ ᠪᠣᠯᠪᠠᠰᠤᠨ ᠤ ᠶᠠᠷᠢᠯᠴᠠᠭᠠᠨ ᠤ ᠰᠠᠶᠢᠳ ᠤᠨ ᠲᠠᠰ ᠤᠨ ᠬᠤᠷᠠᠯ ᠳᠤ ᠪᠠᠶᠠᠷ ᠤᠨ ᠵᠠᠬᠢᠳᠠᠯ | ᠢᠯᠡᠭᠡᠪᠡ᠃ | ᠰᠢ ᠶᠢᠨ ᠫᠢᠩ᠂ ᠤᠯᠠᠨ ᠶᠠᠩᠵᠤᠳᠤ ᠪᠣᠯᠪᠠᠰᠤᠨ ᠪᠣᠯ ᠳᠡᠯᠡᠬᠡᠢ ᠶᠢᠨ ᠳᠦᠷᠦᠯᠬᠢ ᠴᠢᠨᠠᠷ ᠪᠣᠯᠤᠨ᠎ᠠ᠃ ᠪᠣᠯᠪᠠᠰᠤᠨ ᠤ | ᠬᠥᠭᠵᠢᠯ ᠴᠡᠴᠡᠭᠯᠡᠯᠳᠡ᠂ ᠬᠥᠮᠦᠨ ᠲᠥᠷᠥᠯᠬᠢᠲᠡᠨ ᠤ ᠲᠠᠪᠰᠢᠯᠳᠠ ᠨᠢ ᠴᠥᠮ ᠪᠣᠯᠪᠠᠰᠤᠨ ᠢᠶᠠᠨ ᠬᠠᠷᠢᠯᠴᠠᠨ ᠰᠣᠯᠢᠯᠴᠠᠵᠤ | ᠬᠠᠷᠢᠯᠴᠠᠨ ᠲᠣᠯᠢ ᠪᠤᠯᠭᠠᠬᠤ ᠠᠴᠠ ᠰᠠᠯᠵᠤ ᠴᠢᠳᠠᠬᠤ ᠦᠭᠡᠢ ᠶᠤᠮ ᠭᠡᠳᠡᠭ ᠢ ᠲᠡᠦᠬᠡ ᠪᠢᠳᠡᠨ ᠳᠤ ᠬᠠᠷᠠᠭᠤᠯᠤᠭᠰᠠᠨ ᠪᠠᠶᠢᠨ᠎ᠠ᠃ | ᠣᠳᠣᠬᠠᠨ ᠳᠤ ᠳᠡᠯᠡᠬᠡᠢ ᠶᠢᠨ ᠪᠠᠶᠢᠳᠠᠯ ᠡᠭᠡᠳᠡᠷᠡᠭᠡᠨ ᠪᠤᠳᠤᠯᠢᠶᠠᠨᠲᠠᠢ ᠪᠤᠯᠵᠤ᠂ ᠬᠥᠮᠦᠨ ᠲᠥᠷᠥᠯᠬᠢᠲᠡᠨ ᠰᠢᠨ᠎ᠡ ᠲᠣᠨᠣᠯᠵᠢᠨ | ᠵᠠᠮ ᠳᠤ ᠵᠣᠭᠰᠣᠵᠤ᠂ ᠪᠣᠯᠪᠠᠰᠤᠨ ᠤ ᠰᠣᠯᠢᠯᠴᠠᠭ᠎ᠠ ᠪᠠᠷ ᠪᠣᠯᠪᠠᠰᠤᠨ ᠤ ᠵᠠᠪᠰᠠᠷᠳᠠᠯ ᠢ ᠳᠠᠪᠠᠵᠤ᠂ ᠪᠣᠯᠪᠠᠰᠤᠨ ᠢᠶᠠᠨ ᠬᠠᠷᠢᠯᠴᠠᠨ | ᠲᠤᠯᠢ ᠪᠤᠯᠭᠠᠬᠤ ᠪᠠᠷ ᠪᠣᠯᠪᠠᠰᠤᠨ ᠤ ᠮᠥᠷᠭᠦᠯᠳᠦᠭᠡᠨ ᠢ ᠳᠠᠪᠠᠭ᠋ᠤ ᠶᠢ ᠲᠤᠯᠭᠠᠮ ᠱᠠᠭᠠᠷᠳᠠᠵᠤ ᠪᠠᠶᠢᠨ᠎ᠠ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠲᠠᠢ ᠬᠠᠮᠲᠤ ᠪᠠᠷ ᠡᠷᠬᠡ ᠲᠡᠭᠰᠢ᠂ ᠬᠠᠷᠢᠯᠴᠠᠨ ᠲᠤᠯᠢ | ᠪᠣᠯᠭᠠᠬᠤ᠂ ᠶᠠᠷᠢᠯᠴᠠᠭ᠎ᠠ ᠬᠢᠬᠦ᠂ ᠪᠠᠭᠲᠠᠭᠠᠮᠵᠢᠲᠠᠢ ᠪᠠᠶᠢᠬᠤ ᠪᠣᠯᠪᠠᠰᠤᠨ ᠤ ᠦᠵᠡᠯᠲᠡ ᠶᠢ ᠪᠠᠷᠢᠮᠲᠠᠯᠠᠵᠤ᠂ ᠪᠦᠬᠦ ᠪᠥᠮᠪᠥᠷᠴᠡᠭ ᠤᠨ | ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ ᠪᠦᠬᠦ ᠪᠥᠮᠪᠥᠷᠴᠡᠭ ᠤᠨ ᠪᠣᠯᠪᠠᠰᠤᠨ ᠤ ᠶᠠᠷᠢᠯᠴᠠᠭ᠎ᠠ | ᠬᠠᠮᠲᠤᠷᠠᠯᠴᠠᠭᠠᠨ ᠤ ᠲᠣᠣᠷ ᠢ ᠪᠠᠶᠢᠭᠤᠯᠬᠤ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ᠂ ᠳᠡᠯᠡᠬᠡᠢ | ᠶᠢᠨ ᠡᠩᠬᠡ ᠲᠠᠶᠢᠪᠤᠩ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ ᠲᠥᠯᠥᠭᠡᠯᠡᠭᠴᠢᠳ ᠰᠠᠨᠠᠯ ᠢᠶᠠᠨ | ᠭᠦᠨᠵᠡᠭᠡᠢ ᠰᠣᠯᠢᠯᠴᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠡᠯ᠎ᠡ ᠤᠯᠤᠰ ᠤᠨ ᠠᠷᠠᠳ ᠲᠦᠮᠡᠨ ᠤ ᠬᠠᠷᠢᠯᠴᠠᠨ | ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ᠂ ᠠᠳᠠᠯᠢ ᠪᠤᠰᠤ ᠪᠣᠯᠪᠠᠰᠤᠨ ᠡᠶ᠎ᠡ ᠡᠪᠳᠡᠢ ᠬᠠᠮᠲᠤ ᠪᠠᠷ ᠣᠷᠣᠰᠢᠬᠤ ᠶᠢ | ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠪᠦᠬᠦ ᠪᠥᠮᠪᠥᠷᠴᠡᠭ ᠤᠨ ᠪᠣᠯᠪᠠᠰᠤᠨ ᠤ ᠶᠠᠷᠢᠯᠴᠠᠭᠠᠨ ᠤ ᠰᠠᠶᠢᠳ ᠤᠨ ᠲᠡᠰ ᠤᠨ ᠬᠤᠷᠠᠯ 10 ᠤ ᠡᠳᠦᠷ ᠪᠡᠭᠡᠵᠢᠩ ᠳᠤ | ᠡᠬᠢᠯᠡᠵᠦ᠂ ︽ᠬᠥᠮᠦᠨ ᠲᠥᠷᠥᠯᠬᠢᠲᠡᠨ ᠤ ᠪᠣᠯᠪᠠᠰᠤᠨ ᠤ ᠤᠯᠠᠨ ᠶᠠᠩᠵᠤᠲᠤ ᠴᠢᠨᠠᠷ ᠢ ᠬᠠᠮᠠᠭᠠᠯᠠᠵᠤ ᠳᠡᠯᠡᠬᠡᠢ ᠶᠢᠨ ᠡᠩᠬᠡ | ᠲᠠᠶᠢᠪᠤᠩ ᠬᠥᠭᠵᠢᠯᠲᠡ ᠶᠢ ᠬᠠᠮᠲᠤ ᠪᠠᠷ ᠠᠬᠢᠭᠤᠯᠤᠶ᠎ᠠ︾ ᠬᠡᠬᠦ ᠪᠠᠷ ᠭᠤᠣᠯ ᠰᠡᠳᠦᠪ ᠪᠤᠯᠭᠠᠵᠤ᠂ ᠳᠤᠮᠳᠠᠳᠤ ᠤᠯᠤᠰ ᠤᠨ ᠡᠪ | ᠬᠠᠮᠳᠤ ᠨᠠᠮ ᠤᠨ ᠲᠥᠪ ᠬᠤᠷᠢᠶ᠎ᠠ ᠶᠢᠨ ᠤᠬᠠᠭᠤᠯᠬᠤ ᠬᠡᠯᠲᠡᠰ ᠪᠣᠯᠤᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ | ᠬᠤᠷᠢᠶ᠎ᠠ ᠶᠢᠨ ᠭᠠᠳᠠᠭᠠᠳᠤ ᠲᠠᠢ ᠬᠤᠯᠪᠣᠭ᠎ᠠ ᠠᠪᠬᠤ ᠬᠡᠯᠲᠡᠰ ᠠᠴᠠ ᠬᠠᠮᠲᠤ ᠪᠠᠷ ᠭᠤᠤᠯᠯᠠᠨ ᠡᠷᠬᠢᠯᠡᠪᠡ᠃ |