ᠰᠢᠶᠠᠩ ᠪᠠᠯᠭᠠᠰᠤᠨ ᠳᠤ ᠪᠠᠰᠠ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠᠶᠢᠨ᠎ᠠ  ᠤᠤ︖
ᠨᠡᠶᠢᠲᠡᠯᠡᠭᠰᠡᠨ ᠴᠠᠭ᠄
2025/7/2
      ᠵᠤᠨ ᠤ ᠳᠤᠮᠳᠠ ᠰᠠᠷ᠎ᠠ ᠳᠤ᠂ ᠦᠬᠡᠷᠬᠤᠳᠳᠤᠭ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠬᠦᠷ ᠬᠥᠭᠵᠢᠶᠡᠨ ᠲᠠᠢ ᠪᠠᠶᠢᠳᠠᠯ ᠢᠯᠡᠷᠡᠪᠡ᠃ ᠠᠵᠢᠯᠴᠢᠳ ᠶᠠᠭ ᠬᠤᠭᠤᠯᠠᠢ ᠶᠢᠨ ᠲᠣᠣᠷ ᠢ ᠳᠡᠪᠢᠰᠬᠦ ᠪᠠ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠠᠰᠤᠭ ᠤᠨ ᠰᠠᠭᠤᠷᠢ ᠶᠢ ᠪᠠᠬᠢᠵᠢᠭᠦᠯᠬᠦ ᠠᠵᠢᠯ ᠢ ᠡᠮᠬᠢ ᠵᠢᠷᠤᠮ ᠲᠠᠢ ᠪᠠᠷ ᠬᠢᠵᠦ ᠪᠠᠶᠢᠨ᠎ᠠ᠂ ᠵᠢᠱᠢᠯᠲᠡ ᠪᠠᠷ ᠡᠨᠡ ᠵᠢᠯ ᠤᠨ ᠰᠡᠭᠦᠯᠴᠢ ᠪᠠᠷ ᠡᠨᠡ ᠬᠦ 1500 ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠲᠤᠷᠰᠢᠨ ᠠᠵᠢᠯᠯᠠᠵᠤ᠂ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠰᠢᠭᠤᠳ ᠭᠠᠳᠠᠭᠰᠢᠯᠠᠭᠤᠯᠬᠤ ᠲᠡᠦᠬᠡ ᠶᠢ ᠲᠦᠢᠯᠪᠤᠷᠢᠲᠠᠢ ᠬᠤᠪᠢᠷᠠᠭᠤᠯᠬᠤ  ᠪᠤᠯᠤᠨ᠎ᠠ᠃      ᠪᠣᠬᠢᠷ ᠤᠰᠤᠨ ᠤ ᠬᠤᠭᠤᠯᠠᠶ ᠶᠢᠨ ᠲᠣᠤᠷ ᠢ ᠭᠠᠵᠠᠷ ᠲᠤᠤᠷ᠎ᠠ ᠭᠦᠨ ᠪᠤᠯᠠᠵᠤ᠂  ᠡᠬᠦᠨ ᠢ ᠨᠢᠳᠤᠨ ᠳᠤ ᠦᠵᠡᠭᠳᠡᠬᠦ ᠦᠬᠡᠢ ᠠᠷᠠᠳ ᠤᠨ ᠰᠡᠳᠬᠢᠯ ᠤᠨ ᠢᠨᠵᠧᠨᠧᠷᠢᠩ ᠭᠡᠵᠦ ᠨᠡᠷᠡᠯᠡᠵᠦ᠂ ᠮᠦᠨ ᠴᠤ  ᠭᠤᠶᠤ ᠰᠠᠶᠢᠬᠠᠨ ᠰᠢᠶᠠᠩ  ᠪᠠᠯᠭᠠᠰᠤ ᠶᠢ ᠴᠣᠭᠴᠠᠯᠠᠬᠤ ᠶᠠᠪᠤᠳᠠᠯ ᠪᠣᠯᠤᠨ᠎ᠠ᠃ ᠣᠳᠣᠬᠠᠨ ᠳᠤ᠂ ᠦᠬᠡᠷᠬᠤᠳᠳᠤᠭ ᠪᠠᠯᠭᠠᠰᠤ ᠶᠠᠭ ᠰᠢᠶᠠᠩ ᠪᠠᠯᠭᠠᠰᠤᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ 2025 ᠣᠨ ᠤ 5 ᠰᠠᠷ᠎ᠠ ᠳᠤ ᠦᠬᠡᠷᠬᠤᠳᠳᠤᠭ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠢᠩᠬᠢᠨᠢ ᠪᠠᠷ  ᠡᠬᠢᠯᠡᠬᠦᠯᠪᠡ ᠃      ︽ᠦᠬᠡᠷᠬᠤᠳᠳᠤᠭ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ 50m³/d  ᠤᠨ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠳᠤ ᠬᠦᠷᠴᠦ᠂ ᠠᠮᠢ ᠠᠬᠤᠶ ᠶᠢᠨ ᠬᠦᠷᠪᠡᠯᠵᠡᠬᠦᠯᠦᠯᠳᠡ ᠶᠢ ᠨᠢᠭᠡ ᠴᠣᠭᠴᠠᠵᠢᠭᠤᠯᠤᠭᠰᠠᠨ ᠪᠣᠬᠢᠷ ᠤᠰᠤ ᠰᠢᠢᠳᠪᠦᠷᠢᠯᠡᠬᠦ ᠮᠡᠷᠭᠡᠵᠢᠯ ᠢ ᠬᠡᠷᠡᠭᠯᠡᠵᠦ᠂ ᠭᠠᠳᠠᠭᠰᠢᠯᠠᠭᠤᠯᠬᠤ ᠪᠠᠷᠢᠮᠵᠢᠶ᠎ᠠ ᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠳᠡᠰ ᠤᠨ ᠭᠠᠳᠠᠭᠰᠢᠯᠠᠭᠤᠯᠬᠤ ᠪᠠᠷᠢᠮᠵᠢᠶ᠎ᠠ ᠪᠣᠯᠤᠨ᠎ᠠ᠃ ᠪᠢᠳᠡ ᠡᠭᠦᠨ ᠤ ᠬᠠᠮᠲᠤ  ᠨᠢᠭᠡ ᠴᠤᠭᠴᠠᠵᠢᠭᠤᠯᠤᠨ ᠲᠡᠭᠡᠭᠰᠢᠯᠡᠬᠦᠯᠬᠦ 3 ᠰᠠᠭᠤᠷᠢ ᠬᠥᠭᠡᠷᠭᠡ ᠶᠢᠨ ᠥᠷᠲᠡᠭᠡ ᠶᠢ ᠢᠵᠢ ᠪᠦᠷᠢᠳᠦᠭᠦᠯᠦᠨ ᠪᠠᠶᠢᠭᠤᠯᠵᠤ᠂ HDPE ᠬᠤᠤᠰ ᠬᠠᠨ᠎ᠠ ᠶᠢᠨ ᠳᠣᠯᠭᠢᠶᠠᠨ  ᠤ ᠬᠤᠭᠤᠯᠠᠶ ᠱᠤᠭᠤᠮ ᠤᠨ ᠶᠡᠷᠦᠩᠬᠡᠶ ᠣᠷᠳᠣ ᠨᠢ 2700 ᠮᠧᠲᠷ ᠳᠡᠪᠢᠰᠬᠦ ᠶᠢᠨ ᠬᠠᠮᠲᠤ᠂ ᠪᠠᠶᠢᠴᠠᠭᠠᠬᠤ ᠬᠤᠳᠳᠤᠭ 62 ᠰᠠᠭᠤᠷᠢ᠂ ᠪᠠᠭᠠᠰᠤᠨ ᠲᠠᠲᠠᠭᠠᠯ ᠢ 1 ᠰᠠᠭᠤᠷᠢ ᠢᠵᠢ ᠪᠦᠷᠢᠳᠦᠭᠦᠯᠦᠨ ᠪᠥᠲᠥᠭᠡᠨ ᠪᠠᠶᠢᠭᠤᠯᠪᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠦᠬᠡᠷᠬᠤᠳᠳᠤᠭ ᠪᠠᠯᠭᠠᠰᠤᠨ ᠤ ᠲᠣᠭᠤᠷᠢᠭ ᠤᠨ ᠣᠷᠴᠢᠨ ᠲᠣᠭᠤᠷᠢᠨ ᠢ ᠬᠦᠴᠦᠲᠡᠶ ᠰᠠᠶᠢᠵᠢᠷᠠᠭᠤᠯᠬᠤ ᠪᠣᠯᠤᠨ᠎ᠠ᠃ ᠣᠲᠣ ᠪᠣᠯᠲᠠᠯ᠎ᠠ᠂ ᠲᠥᠷᠥᠯ ᠵᠦᠢᠯ ᠤᠨ ᠭᠤᠤᠯ ᠬᠠᠮᠢᠶᠠᠷᠤᠯᠲᠠ ᠶᠢᠨ ᠲᠣᠤᠷ ᠢ ᠨᠢᠭᠡᠨᠲᠡ 1399 ᠮᠧᠲᠷ ᠳᠡᠪᠢᠰᠴᠦ᠂ ᠰᠠᠯᠪᠤᠷᠢ ᠬᠤᠭᠤᠯᠠᠶ ᠶᠢ 2040 ᠮᠧᠲᠷ ᠳᠡᠪᠢᠰᠴᠦ᠂ ᠨᠢᠭᠡᠨᠲᠡ 77 ᠡᠷᠦᠬᠡ ᠳᠤ ᠣᠷᠣᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠠᠰᠤᠭ ᠤᠨ ᠰᠠᠭᠤᠷᠢ᠂  ᠨᠢᠷᠤᠭᠤ᠂ ᠨᠢᠭᠡ ᠴᠣᠭᠴᠠᠵᠢᠭᠤᠯᠤᠭᠰᠠᠨ ᠤᠰᠤᠨ ᠴᠥᠭᠦᠷᠥᠮ ᠤᠨ ᠭᠤᠤᠯ ᠴᠣᠭᠴᠠ ᠶᠢ ᠨᠢᠭᠡᠨᠲᠡ ᠪᠡᠶᠡᠯᠡᠭᠦᠯᠪᠡ᠃ ᠪᠦᠬᠦᠯᠢ ᠠᠵᠢᠯ ᠨᠢ ᠤᠷᠤᠭᠰᠢᠲᠠᠶ ᠪᠠᠶᠢᠵᠤ᠂ ᠵᠢᠱᠢᠯᠲᠡ ᠪᠠᠷ ᠲᠤᠭᠳᠠᠭᠰᠠᠨ ᠬᠤᠭᠤᠴᠠᠭᠠᠨ ᠳᠤ ᠪᠠᠨ ᠠᠵᠢᠯ ᠢᠶᠠᠨ ᠳᠠᠭᠤᠰᠬᠠᠵᠤ ᠪᠣᠯᠤᠨ᠎ᠠ︾ ᠬᠡᠵᠦ ᠦᠬᠡᠷᠬᠤᠳᠳᠤᠭ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠳᠠᠷᠤᠭ᠎ᠠ ᠯᠢᠦᠢ ᠱᠤᠸᠠᠢ ᠵᠢᠶᠦ᠋ᠨ ᠲᠠᠨᠢᠯᠴᠠᠭᠤᠯᠵᠠᠢ᠃      ︽ᠥᠩᠭᠡᠷᠡᠭᠰᠡᠨ ᠳᠤ ᠠᠮᠢᠳᠤᠷᠠᠯ ᠤᠨ ᠪᠣᠬᠢᠷ ᠤᠰᠤ ᠶᠢ ᠰᠢᠭᠤᠳ ᠭᠠᠳᠠᠭᠰᠢᠯᠠᠭᠤᠯᠳᠠᠭ᠂ ᠵᠤᠨ ᠤ ᠤᠯᠠᠷᠢᠯ ᠳᠤ ᠦᠮᠡᠭᠡᠢ ᠦᠨᠦᠷ ᠭᠠᠷᠴᠤ᠂ ᠮᠠᠰᠢ ᠳᠥᠭᠦᠮ ᠦᠭᠡᠢ ᠪᠠᠶᠢᠵᠠᠢ᠃ ᠣᠳᠣ ᠪᠢᠳᠡᠨ ᠳᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠᠶᠢᠭᠤᠯᠵᠤ ᠪᠠᠶᠢᠨ᠎ᠠ᠂ ᠪᠢᠳᠡ ᠡᠳᠡᠭᠡᠷ ᠢ ᠮᠠᠰᠢ ᠳᠡᠮᠵᠢᠨ᠎ᠡ ᠂ ᠬᠤᠶᠢᠰᠢᠳᠠ ᠠᠮᠢᠳᠤᠷᠠᠯ ᠤᠨ ᠶᠠᠰᠤ ᠴᠢᠨᠠᠷ ᠯᠠᠪᠲᠠᠶ  ᠲᠡᠭᠡᠭᠰᠢᠯᠡᠨ᠎ᠡ︾ ᠭᠡᠵᠦ ᠦᠬᠡᠷᠬᠤᠳᠳᠤᠭ ᠪᠠᠯᠭᠠᠰᠤᠨ ᠤ ᠲᠥᠪ ᠲᠤ ᠰᠠᠭᠤᠭ᠎ᠠ ᠰᠠᠭᠤᠭᠠᠯᠢ ᠠᠷᠠᠳ ᠯᠢᠦ ᠸᠧᠨ ᠴᠢᠤᠸᠠᠨ  ᠬᠦᠯᠢᠶᠡᠵᠦ ᠶᠠᠳᠠᠨ ᠶᠠᠷᠢᠪᠠ᠃      ᠲᠦᠷᠦᠯ ᠵᠦᠢᠯ ᠢ ᠯᠠᠪᠳᠠᠭᠤᠨ ᠢᠶᠠᠷ ᠠᠬᠢᠭᠤᠯᠬᠤ ᠶᠢ ᠳᠠᠭᠠᠯᠳᠤᠨ᠂ ᠦᠬᠡᠷᠬᠤᠳᠳᠤᠭ ᠪᠠᠯᠭᠠᠰᠤ ᠶᠠᠭ ︽ᠤᠰᠤ ᠨᠢ ᠲᠤᠩᠭᠠᠯᠠᠭ᠂ ᠡᠪᠡᠰᠦ ᠨᠢ ᠰᠤᠷᠭᠤᠭ᠂ ᠦᠵᠡᠮᠵᠢ ᠨᠢ ᠰᠠᠶᠢᠬᠠᠨ︾ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠠᠷᠠᠯᠲᠠ ᠲᠡᠶᠢᠰᠢ ᠤᠷᠤᠭᠰᠢᠯᠠᠵᠤ ᠪᠠᠶᠢᠨ᠎ᠠ᠃ ᠢᠷᠡᠭᠡᠳᠦᠢ ᠳᠤ᠂ ᠡᠨᠡ ᠬᠦ ᠣᠳᠣᠬᠢᠴᠢᠯᠠᠭᠰᠠᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠲᠤᠬᠠᠢ ᠶᠢᠨ ᠭᠠᠵᠠᠷ ᠤᠨ ᠬᠥᠬᠡᠮᠳᠦᠭ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠬᠤ ᠪᠠᠷ ᠪᠠᠷᠠᠬᠤ ᠦᠭᠡᠢ᠂ ᠨᠡᠩ ᠴᠤ ᠬᠤᠳᠠ ᠪᠠᠯᠭᠠᠰᠤᠨ ᠤ ᠦᠷᠭᠦᠯᠵᠢᠯᠡᠬᠦ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃  
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号