ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠄ ︽ᠬᠥᠳᠡᠭᠡ ᠲᠣᠰᠬᠤᠨ ᠤ ᠠᠵᠤ ᠠᠬᠤᠶ︾ ᠶᠢᠨ ᠪᠠᠶᠠᠵᠢᠯ ᠤᠨ ᠨᠢᠭᠤᠴᠠ ᠨᠣᠮᠧᠷ ᠢ ᠲᠠᠶᠢᠯᠵᠠᠢ
ᠨᠡᠶᠢᠲᠡᠯᠡᠭᠰᠡᠨ ᠴᠠᠭ᠄
2025/7/2
      ᠵᠤᠨ ᠤ ᠡᠬᠢ ᠪᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯ᠎ᠠ ᠨᠤᠲᠤᠭ ᠠᠭᠠᠵᠢᠮ ᠢᠶᠠᠷ ᠨᠣᠭᠤᠭᠠᠷᠠᠵᠤ᠂ ᠲᠤᠤ ᠮᠠ ᠭᠧᠦ ᠶᠢᠨ ᠲᠠᠷᠢᠶᠠᠯᠠᠩ ᠤᠨ ᠲᠠᠯᠠᠪᠠᠢ ᠪᠠᠰᠠ ᠨᠢᠭᠡ ᠪᠦᠯᠦᠭ ᠰᠤᠳᠤᠯᠤᠨ ᠰᠤᠷᠤᠯᠴᠠᠬᠤ ᠪᠦᠯᠬᠦᠮ ᠢ ᠤᠭᠲᠤᠨ ᠠᠪᠴᠠᠢ᠃ ᠰᠤᠳᠤᠯᠬᠤ ᠰᠤᠷᠤᠭᠴᠢᠳ ᠢᠶᠠᠨ ᠳᠦᠭᠦᠷᠲᠡᠯ᠎ᠡ ᠲᠡᠭᠡᠭᠡᠭᠰᠡᠨ ᠨᠢᠭᠡᠨ ᠲᠣᠮᠣ ᠮᠠᠰᠢᠨ ᠲᠡᠷᠭᠡ ᠠᠯᠭᠤᠷ ᠢᠶᠠᠷ ᠣᠷᠣᠵᠤ ᠢᠷᠡᠬᠦ ᠶᠢ ᠳᠠᠭᠠᠯᠳᠤᠨ᠂ ᠲᠠᠷᠢᠶᠠᠯᠠᠩ ᠤᠨ ᠲᠠᠯᠠᠪᠠᠢ ᠪᠠᠰᠠ ᠴᠤ ᠳᠦᠭᠦᠷᠡᠩ ᠠᠮᠢᠵᠢᠷᠠᠯ ᠤᠨ ᠬᠦᠴᠦᠨ ᠲᠠᠢ ᠨᠢᠭᠡᠨ ᠡᠳᠦᠷ ᠢᠶᠠᠨ ᠡᠬᠢᠯᠡᠭᠦᠯᠪᠡ᠃ ᠡᠨᠡ ᠬᠦ ᠶᠡᠷᠦ ᠪᠤᠰᠤ ᠶᠢᠨ ᠲᠠᠷᠢᠶᠠᠯᠠᠩ ᠤᠨ ᠶᠡᠷᠦᠩᠬᠡᠢ ᠴᠣᠭᠴᠠ ᠶᠢ ᠠᠷᠪᠠᠨ ᠵᠢᠯ ᠤᠨ ᠡᠮᠦᠨ᠎ᠡ ᠪᠠᠰᠠ ᠵᠥᠪᠬᠡᠨ ᠲᠠᠯ᠎ᠠ ᠨᠤᠲᠤᠭ ᠤᠨ ᠭᠦᠨ ᠳᠤ ᠨᠢᠭᠤᠭᠳᠠᠵᠤ ᠪᠠᠶᠢᠭᠰᠠᠨ ᠠᠰᠠᠭᠤᠬᠤ ᠬᠥᠮᠦᠨ ᠦᠭᠡᠢ ᠶᠠᠳᠠᠭᠤ ᠬᠦᠴᠢᠷᠳᠡᠯᠲᠡᠢ ᠲᠤᠰᠬᠤᠨ ᠭᠡᠵᠦ ᠬᠡᠨ ᠪᠣᠳᠣᠵᠤ ᠣᠯᠬᠤ ᠪᠣᠢ︖      2016 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠰᠢᠪᠠᠷᠬᠦᠷᠢᠶ᠎ᠡ ᠲᠡᠮᠦᠷ ᠤᠨ ᠠᠭᠤᠷᠬᠠᠶ ᠶᠢᠨ ᠪᠦᠯᠦᠭᠯᠡᠯ ᠤᠨ ᠺᠣᠮᠫᠠᠨᠢ ᠲᠠᠢ ᠬᠠᠮᠲᠤᠷᠠᠯᠴᠠᠭ᠎ᠠ ᠲᠣᠬᠢᠷᠠᠯᠴᠠᠵᠤ᠂ ᠥᠪᠥᠷ ᠮᠣᠩᠭᠤᠯ ᠤᠨ ᠹᠧᠩ ᠢᠦᠢ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠹᠧᠩ ᠢᠦᠶ ᠲᠣᠤ ᠮᠠ ᠭᠧᠦ ᠶᠢᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠶᠢ ᠪᠠᠶᠢᠭᠤᠯᠪᠠ᠃ ᠡᠨᠡ ᠬᠦ ᠠᠷᠭ᠎ᠠ ᠬᠡᠮᠵᠢᠶ᠎ᠡ ᠨᠢ ᠶᠠᠭ ᠯᠠ ᠨᠠᠮ ᠳᠥᠯᠭᠡᠨ ᠨᠠᠭᠤᠷ ᠤᠨ ᠭᠠᠳᠠᠷᠭᠤ ᠳᠤ ᠲᠣᠮᠣ ᠴᠢᠯᠠᠭᠤ ᠰᠢᠳᠡᠵᠦ᠂ ᠮᠢᠩᠭᠠᠨ ᠳᠠᠪᠬᠤᠷ ᠳᠠᠪᠠᠯᠭᠠᠨ ᠪᠣᠰᠬᠠᠭᠰᠠᠨ ᠮᠡᠲᠦ᠂ ᠲᠣᠰᠬᠤᠨ ᠳᠤ ᠰᠢᠨ᠎ᠡ ᠬᠦᠰᠡᠯ ᠡᠷᠡᠮᠡᠯᠵᠡᠯ ᠣᠯᠭᠤᠭᠰᠠᠨ ᠪᠠᠶᠢᠨ᠎ᠠ᠃      ᠲᠤᠤ ᠮᠠ ᠭᠧᠦ ᠲᠣᠰᠬᠤᠨ ᠳᠤ ᠣᠷᠣᠬᠤ ᠳᠤ᠂ ᠶᠠᠭ ᠯᠠ ᠨᠢᠭᠡᠨ ᠬᠠᠴᠢᠨ ᠰᠠᠢᠬᠠᠨ ᠶᠢᠷᠲᠢᠨᠴᠦ ᠳᠤ ᠣᠷᠣᠭᠰᠠᠨ ᠰᠢᠭ᠋ ᠰᠠᠨᠠᠭᠳᠠᠨ᠎ᠠ᠃ ᠨᠢᠭᠡ ᠨᠢᠭᠡ ᠮᠥᠷ ᠡᠸᠦ᠋ᠷᠦᠫᠡ ᠮᠠᠶ᠋ᠢᠭ ᠤᠨ ᠮᠤᠳᠤᠨ ᠭᠡᠷ᠂ ᠱᠠᠨᠪᠸᠢ ᠶᠢᠨ ᠨᠦᠬᠡᠨ ᠭᠡᠷ᠂ ᠵᠢᠶᠠᠩᠨᠠᠨ ᠤ ᠰᠧ ᠾᠧ ᠶᠤᠸᠠᠨ ᠬᠦᠷᠢᠶᠡᠯᠡᠩ ᠤᠨ ᠬᠢᠨ ᠬᠠᠷᠢᠯᠴᠠᠨ ᠲᠤᠰᠠᠯᠠᠯᠴᠠᠵᠤ᠂ ᠲᠣᠰᠬᠤᠨ ᠤ ᠲᠡᠦᠬᠡ ᠶᠢᠨ ᠣᠷᠳᠣᠨ᠂ ᠵᠢᠭᠤᠯᠴᠢᠯᠠᠯ ᠤᠨ ᠬᠦᠯᠡᠮᠵᠢ᠂ ᠬᠥᠳᠡᠭᠡ ᠨᠤᠲᠤᠭ ᠤᠨ ᠮᠦᠸᠧ ᠲᠢᠶᠠᠨ ᠯᠦᠨ ᠵᠡᠷᠭᠡ ᠦᠵᠡᠮᠵᠢ ᠶᠢᠨ ᠣᠷᠣᠨ ᠢ ᠠᠭᠠᠵᠢᠮ ᠢᠶᠠᠷ ᠠᠯᠳᠠᠷᠰᠢᠭᠤᠯᠵᠤ᠂ ᠵᠤᠭᠠᠴᠠᠭᠰᠠᠳ ᠠᠳᠡ ᠰᠡᠯᠡᠭᠦᠴᠡᠯ ᠤᠨ ᠴᠠᠭ ᠦᠶ᠎ᠡ ᠪᠠ ᠵᠤᠭᠠᠴᠠᠨ ᠨᠠᠭᠠᠳᠬᠤ ᠪᠠᠶᠠᠷ ᠪᠠᠭ᠋ᠠᠳᠤᠯ ᠢ ᠭᠦᠢᠴᠡᠳ ᠡᠳ᠋ᠯᠡᠨ᠎ᠡ᠃      ᠰᠤᠳᠤᠯᠤᠨ ᠰᠤᠷᠤᠯᠴᠠᠬᠤ ᠪᠠᠷ ᠢᠷᠡᠭᠰᠡᠨ ᠪᠠᠲᠤᠬᠠᠭᠠᠯᠭ᠎ᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠰᠤᠷᠤᠭᠴᠢ ᠨᠠᠴᠢᠨ ᠪᠠᠶᠠᠷᠲᠠᠢ ᠪᠠᠷ᠄ ︽ᠪᠢᠳᠡ ᠡᠨᠡ ᠤᠳᠠᠭᠠᠨ ᠤ ᠰᠤᠳᠤᠯᠤᠨ ᠰᠤᠷᠤᠯᠴᠠᠬᠤ ᠳᠤ ᠮᠠᠰᠢ ᠰᠣᠨᠢᠷᠬᠠᠯᠲᠠᠢ︕ ᠲᠥᠮᠥᠰᠥ ᠶᠠᠭᠠᠬᠢᠵᠤ ᠲᠠᠷᠢᠬᠤ ᠶᠢ ᠰᠤᠷᠴᠤ᠂  ᠲᠦᠮᠦᠰᠦ ᠬᠠᠮᠢᠭ᠎ᠠ ᠠᠴᠠ ᠢᠷᠡᠭᠰᠡᠨ ᠢ ᠪᠠᠰᠠ ᠮᠡᠳᠡᠵᠡᠢ᠃ ᠡᠨᠡ ᠪᠣᠯ ᠪᠢᠳᠡᠨ ᠤ ᠠᠩᠬᠠᠳᠤᠭᠠᠷ ᠤᠳᠠᠭ᠎ᠠ ᠰᠤᠳᠤᠯᠤᠨ ᠰᠤᠷᠤᠯᠴᠠᠬᠤ ᠳᠤ ᠣᠷᠣᠯᠴᠠᠵᠤ᠂ ᠭᠠᠳᠠᠭᠠᠳᠤ ᠣᠷᠴᠢᠨ ᠲᠠᠢ ᠣᠶᠢᠷᠠᠲᠤᠬᠤ ᠶᠢ ᠰᠤᠷᠤᠭᠰᠠᠨ ᠢᠶᠠᠷ ᠪᠠᠷᠠᠬᠤ ᠥᠬᠡᠶ ᠪᠠᠰᠠ ᠡᠬᠡ ᠪᠠᠶᠢᠭᠠᠯᠢ ᠠᠴᠠ ᠮᠠᠰᠢ ᠣᠯᠠᠨ ᠶᠠᠭᠤᠮ᠎ᠠ ᠣᠯᠵᠤ ᠰᠤᠷᠴᠠᠢ᠃ ᠲᠣᠰ ᠰᠤᠷᠭᠠᠭᠤᠯᠢ ᠶᠢᠨ ᠪᠠᠭᠰᠢ ᠸᠠᠩ ᠸᠧᠶ᠄ ︽ᠰᠤᠳᠤᠯᠤᠨ ᠰᠤᠷᠤᠯᠴᠠᠬᠤ ᠠᠵᠢᠯᠯᠠᠭ᠎ᠠ ᠨᠢ ᠤᠯᠠᠮᠵᠢᠯᠠᠯᠲᠤ ᠬᠢᠴᠢᠶᠡᠯ ᠤᠨ ᠲᠠᠩᠬᠢᠮ ᠤᠨ ᠬᠢᠵᠠᠭᠠᠷᠯᠠᠯ ᠢ ᠡᠪᠳᠡᠵᠦ᠂ ᠬᠡᠤᠬᠡᠳ ᠢ ᠰᠤᠷᠭᠠᠭᠤᠯᠢ ᠶᠢᠨ ᠬᠦᠷᠢᠶᠡᠨ ᠠᠴᠠ ᠭᠠᠷᠭᠠᠵᠤ᠂ ᠪᠠᠶᠠᠯᠢᠭ ᠰᠠᠶᠢᠬᠠᠨ ᠳᠡᠯᠡᠬᠡᠶ ᠶᠢᠷᠲᠢᠨᠴᠦ ᠳᠤ ᠣᠶᠢᠷᠠᠲᠤᠭᠤᠯᠵᠤ᠂ ᠪᠡᠶᠡᠴᠢᠯᠡᠨ ᠣᠶᠢᠯᠠᠭᠠᠭᠤᠯᠵᠤ᠂ ᠰᠠᠨᠠᠭᠠᠴᠢᠯᠠᠭ᠎ᠠ ᠠᠴᠠ ᠪᠠᠨ ᠬᠠᠶᠢᠨ ᠰᠦᠪᠡᠭᠴᠢᠯᠡᠵᠦ᠂ ᠭᠦᠨᠵᠡᠭᠡᠶ ᠰᠡᠳᠬᠢᠨ ᠪᠣᠳᠤᠯᠬᠢᠯᠠᠭᠤᠯᠳᠠᠭ᠃  ᠶᠠᠭ ᠡᠷᠲᠡᠨ ᠤ ᠬᠥᠮᠦᠨ ᠤ ᠬᠡᠯᠡᠭᠰᠡᠨᠴᠢᠯᠡᠨ ︿ᠲᠦᠮᠡᠨ ᠪᠣᠳᠢ ᠨᠣᠮ ᠤᠩᠰᠢᠵᠤ᠂ ᠲᠦᠮᠡᠨ ᠭᠠᠵᠠᠷ ᠤᠨ ᠵᠠᠮ ᠠᠶᠠᠯᠬᠤ﹀᠂ ᠰᠤᠳᠤᠯᠤᠨ ᠰᠤᠷᠤᠯᠴᠠᠬᠤ ᠠᠵᠢᠯᠯᠠᠭ᠎ᠠ ᠨᠢ ᠨᠣᠮ ᠪᠢᠴᠢᠭ ᠤᠨ ᠮᠡᠳᠡᠯᠭᠡ ᠶᠢ ᠠᠮᠢᠳᠤᠷᠠᠯ ᠤᠨ ᠦᠢᠯᠡᠳᠦᠯᠭᠡ ᠲᠠᠢ ᠨᠢᠭᠲᠠ ᠬᠤᠯᠪᠣᠵᠤ᠂ ᠬᠡᠦᠬᠡᠳ ᠤᠨ ᠦᠰᠦᠨ ᠪᠤᠶᠢᠵᠢᠯᠲᠠ ᠳᠤ ᠰᠢᠨ᠎ᠡ ᠬᠠᠭᠤᠳᠠᠰᠤ ᠶᠢ ᠨᠡᠭᠡᠭᠡᠵᠡᠶ᠃ ᠡᠨᠡ ᠤᠳᠠᠭᠠᠨ ᠤ ᠠᠵᠢᠯᠯᠠᠭ᠎ᠠ ᠨᠢ ᠰᠤᠷᠤᠭᠴᠢᠳ ᠢ ᠮᠡᠳᠡᠯᠭᠡ ᠡᠵᠡᠮᠰᠢᠭᠦᠯᠦᠭᠰᠡᠨ ᠢᠶᠠᠷ ᠪᠠᠷᠠᠬᠤ ᠥᠬᠡᠶ᠂ ᠲᠡᠳᠡᠨ ᠤ ᠬᠠᠮᠲᠤ ᠶᠢᠨ ᠬᠠᠮᠲᠤᠷᠠᠯᠴᠠᠭᠠᠨ ᠤ ᠵᠣᠷᠢᠭ ᠰᠠᠨᠠᠭ᠎ᠠ᠂ ᠰᠡᠳᠬᠢᠬᠦᠶ ᠶᠢᠨ ᠰᠢᠨ᠎ᠡ ᠶᠢ ᠡᠭᠦᠳᠬᠦ ᠴᠢᠳᠠᠪᠤᠷᠢ ᠪᠠ ᠦᠢᠯᠡᠳᠦᠯᠭᠡ ᠶᠢᠨ ᠴᠢᠳᠠᠪᠤᠷᠢ ᠶᠢ ᠨᠠᠩ ᠬᠦᠮᠦᠵᠢᠭᠦᠯᠵᠤ — ᠲᠡᠳᠡ ᠠᠵᠢᠯᠯᠠᠭᠠᠨ ᠤ ᠳᠤᠮᠳᠠ ᠬᠠᠷᠢᠯᠴᠠᠨ ᠬᠠᠪᠰᠤᠷᠤᠯᠴᠠᠵᠤ᠂ ᠳᠡᠮᠵᠢᠵᠦ᠂ ᠬᠦᠴᠢᠷ ᠪᠡᠷᠬᠡᠰᠢᠶᠡᠯ ᠢ ᠬᠠᠮᠲᠤ ᠪᠠᠷ ᠢᠯᠠᠨ ᠳᠠᠪᠠᠵᠤ᠂ ᠲᠡᠳᠡᠨ ᠤ ᠦᠰᠦᠨ ᠪᠤᠶᠢᠵᠢᠯᠲᠠ ᠶᠢ ᠬᠠᠷᠠᠬᠤ ᠳᠤ ᠪᠢ ᠶᠠᠭ ᠢᠷᠡᠭᠡᠳᠦᠶ ᠶᠢᠨ ᠬᠦᠰᠡᠯ ᠡᠷᠡᠮᠡᠯᠵᠡᠯ ᠢᠶᠠᠨ ᠣᠯᠵᠤ ᠬᠠᠷᠠᠭᠰᠠᠨ ᠮᠡᠲᠦ ᠪᠠᠶᠢᠨ᠎ᠠ︾ ᠭᠡᠵᠡᠶ᠃      ᠲᠠᠷᠢᠶᠠᠯᠠᠩ ᠤᠨ ᠲᠠᠯᠠᠪᠠᠢ ᠶᠢ ᠪᠠᠶᠢᠭᠤᠯᠬᠤ ᠶᠠᠪᠤᠴᠠ ᠳᠤ᠂ ᠹᠧᠩ ᠢᠦᠢ ᠲᠤᠤ ᠮᠠ ᠭᠧᠦ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠡᠷᠬᠢᠨ ᠲᠣᠭᠤᠷᠢᠨ ᠤ 5 ᠲᠣᠰᠬᠤᠨ ᠤ 16300 ᠭᠠᠷᠤᠢ ᠮᠦ ᠭᠠᠵᠠᠷ ᠰᠢᠷᠣᠢ ᠶᠢ ᠰᠢᠯᠵᠢᠭᠦᠯᠬᠦ ᠪᠠᠷ ᠳᠠᠮᠵᠢᠭᠤᠯᠵᠤ᠂ ︽ᠺᠣᠮᠫᠠᠨᠢ + ᠬᠤᠷᠰᠢᠶ᠎ᠠ + ᠰᠠᠭᠤᠷᠢᠨ ᠭᠠᠵᠠᠷ + ᠲᠠᠷᠢᠶᠠᠴᠢᠨ ᠡᠷᠦᠬᠡ︾ ᠶᠢᠨ ᠡᠵᠡᠩᠨᠡᠯᠲᠡ ᠶᠢᠨ ᠵᠠᠭᠪᠤᠷ ᠢ ᠬᠡᠷᠡᠭᠯᠡᠵᠦ᠂ ᠭᠠᠵᠠᠷ ᠰᠢᠷᠣᠢ ᠶᠢᠨ ᠨᠡᠩ ᠶᠡᠭᠡ ᠦᠷᠳᠡᠭ ᠢ ᠪᠠᠳᠠᠷᠠᠭᠤᠯᠪᠠ᠃ ᠡᠶᠢᠮᠦᠷᠬᠦ ᠵᠠᠭᠪᠤᠷ ᠨᠢ ᠲᠠᠷᠢᠶᠠᠴᠢᠳ ᠤᠨ ᠭᠠᠵᠠᠷ ᠰᠢᠷᠣᠶ ᠶᠢ ᠡᠷᠭᠢᠯᠲᠡ ᠳᠤ ᠣᠷᠣᠭᠤᠯᠤᠭᠰᠠᠨ ᠠᠰᠢᠭ ᠣᠯᠵᠠᠪᠤᠷᠢ ᠶᠢ ᠪᠠᠲᠤᠯᠠᠭᠰᠠᠨ ᠢᠶᠠᠷ ᠪᠠᠷᠠᠬᠤ ᠥᠬᠡᠶ ᠪᠠᠰᠠ ᠲᠣᠰᠬᠤᠨ ᠤ ᠠᠷᠠᠳ ᠲᠤ ᠶᠡᠭᠡ ᠬᠡᠮᠵᠢᠶᠡᠨ ᠤ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠬᠤᠷᠰᠢᠶ᠎ᠠ ᠪᠠᠰᠠ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ ᠵᠡᠷᠭᠡ ᠲᠠᠯ᠎ᠠ ᠪᠠᠷ ᠲᠣᠰᠬᠤᠨ ᠤ ᠠᠷᠠᠳ ᠲᠤ ᠦᠨᠡᠨ ᠪᠣᠳᠠᠲᠠᠶ ᠨᠥᠬᠦᠪᠥᠷᠢ ᠥᠭᠴᠦ᠂ ᠲᠠᠷᠢᠶᠠᠯᠠᠩ ᠤᠨ ᠲᠠᠯᠠᠪᠠᠢ ᠴᠤ ᠲᠣᠭᠲᠠᠮᠠᠯ ᠬᠤᠭᠤᠴᠠᠭ᠎ᠠ ᠲᠠᠢ ᠪᠠᠷ ᠡᠵᠡᠩᠨᠡᠯᠲᠡ ᠶᠢᠨ ᠣᠷᠣᠯᠭ᠎ᠠ ᠪᠠᠨ ᠬᠠᠷᠢᠴᠠᠯ ᠢᠶᠠᠷ ᠪᠤᠴᠠᠭᠠᠨ ᠥᠭᠴᠦ᠂ ᠲᠣᠰᠬᠤᠨ ᠤ ᠬᠠᠮᠲᠤ ᠶᠢᠨ ᠠᠵᠤ ᠠᠬᠤᠶ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠪᠠ᠃ ᠲᠠᠷᠢᠶᠠᠯᠠᠩ ᠤᠨ ᠲᠠᠯᠠᠪᠠᠢ ᠨᠢ ᠪᠠᠰᠠ ᠲᠣᠮᠤ ᠬᠦᠯᠡᠮᠵᠢ ᠶᠢᠨ ᠵᠢᠮᠢᠰ ᠨᠣᠭᠤᠭ᠎ᠠ ᠲᠠᠷᠢᠬᠤ ᠶᠢ ᠨᠡᠭᠡᠭᠡᠨ ᠬᠥᠭᠵᠢᠭᠦᠯᠵᠦ᠂ ᠣᠳᠣᠬᠢᠴᠢᠯᠠᠭᠰᠠᠨ ᠲᠠᠷᠢᠬᠤ ᠮᠡᠷᠭᠡᠵᠢᠯ ᠢ ᠬᠡᠷᠡᠭᠯᠡᠵᠦ᠂ ᠲᠥᠪᠡᠳ ᠬᠠᠰᠢ᠂ ᠥᠷᠭᠡᠰᠦᠲᠦ ᠬᠡᠮᠬᠡ᠂ ᠬᠠᠰᠢ᠂ ᠢᠩᠲᠣᠣᠷ ᠵᠡᠷᠭᠡ ᠵᠢᠮᠢᠰ ᠨᠣᠭᠤᠭ᠎ᠠ ᠲᠠᠷᠢᠪᠠ᠃      ᠰᠢᠪᠠᠷᠬᠦᠷᠢᠶ᠎ᠡ ᠰᠣᠶᠣᠯ ᠵᠢᠭᠤᠯᠴᠢᠯᠠᠯ ᠤᠨ ᠰᠤᠳᠤᠯᠭᠠᠨ ᠤ ᠬᠠᠷᠢᠭᠤᠴᠠᠯᠭᠠᠲᠠᠨ ᠯᠢᠦ ᠶᠦᠩ ᠭᠤᠸᠠᠩ᠄ ︽ᠲᠤᠤ ᠮᠠ ᠭᠧᠦ ᠶᠢᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠡᠨᠡ ᠵᠢᠯ ᠰᠢᠨ᠎ᠡ ᠪᠠᠷ 6 ᠬᠢᠴᠢᠶᠡᠯ ᠨᠡᠭᠡᠭᠡᠵᠦ᠂ ︿ᠲᠠᠷᠢᠶᠠᠯᠠᠩ ᠤᠨ ᠬᠤᠷᠰᠢᠶ᠎ᠠ ᠶᠢᠨ ᠮᠠᠩᠵᠠᠨ ᠲᠣᠭᠤᠭ᠎ᠠ﹀ ᠲᠠᠢ — ᠬᠡᠦᠬᠡᠳ ᠤᠳ ᠮᠠᠨ ᠤ ᠲᠤᠤ ᠮᠠ ᠭᠧᠦ ᠶᠢᠨ ᠲᠠᠷᠢᠮᠠᠯ ᠤᠨ ᠣᠷᠭᠠᠨᠢᠭ ᠲᠠᠷᠢᠶᠠᠯᠠᠩ ᠤᠨ ᠲᠤᠰᠠᠯᠠᠬᠤ ᠦᠢᠯᠡᠳᠬᠦᠨ ᠢᠶᠠᠷ ᠲᠣᠭᠤᠭᠠᠯᠠᠬᠤ ᠬᠢᠴᠢᠶᠡᠯ ᠳᠤ ᠣᠷᠣᠯᠴᠠᠵᠤ᠂ ᠡᠭᠦᠨ ᠠᠴᠠ ᠭᠠᠳᠠᠨ᠎ᠠ ᠪᠠᠰᠠ ︿ᠬᠡᠷ ᠤᠨ ᠤᠯᠠᠮᠵᠢᠯᠠᠯ﹀ ︿ᠲᠠᠷᠢᠬᠤ ᠶᠢ ᠪᠡᠶᠡᠴᠢᠯᠡᠨ ᠣᠶᠢᠯᠠᠭᠠᠬᠤ﹀ ᠵᠡᠷᠭᠡ ᠤᠨᠴᠠᠯᠢᠬᠳᠤ ᠬᠢᠴᠢᠶᠡᠯ ᠲᠠᠢ ᠪᠠᠶᠢᠵᠤ᠂ ᠬᠡᠦᠬᠡᠳ ᠤᠳ ᠲᠤ ᠭᠠᠷ ᠬᠥᠳᠡᠯᠦᠨ ᠦᠢᠯᠡᠳᠦᠯᠭᠡᠵᠢᠭᠦᠯᠬᠦ ᠳᠤᠮᠳᠠ ᠲᠠᠷᠢᠶᠠᠯᠠᠬᠤ ᠰᠣᠶᠣᠯ ᠢ ᠮᠡᠳᠡᠷᠡᠭᠦᠯᠬᠦ ᠪᠣᠯᠤᠨ᠎ᠠ᠃︾ ᠭᠡᠵᠦ ᠲᠠᠨᠢᠯᠴᠠᠭᠤᠯᠪᠠ᠃      ᠶᠠᠳᠠᠭᠤ ᠬᠤᠴᠣᠷᠤᠩᠭᠤᠢ ᠪᠢᠴᠢᠬᠠᠨ ᠠᠭᠤᠯᠠᠨ ᠲᠣᠰᠬᠤᠨ ᠠᠴᠠ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠲᠠᠷᠢᠶᠠᠨ ᠭᠠᠵᠠᠷ ᠤᠨ ᠶᠡᠷᠦᠩᠬᠡᠢ ᠴᠣᠭᠴᠠ ᠬᠦᠷᠲᠡᠯ᠎ᠡ᠂ ᠲᠤᠤ ᠮᠠ ᠭᠧᠦ ᠶᠢᠨ ᠲᠠᠷᠢᠶᠠᠯᠠᠩ ᠤᠨ ᠡᠳ᠋ᠯᠡᠩ ᠤᠨ ᠦᠵᠡᠰᠬᠦᠯᠡᠩᠲᠦ ᠰᠠᠶᠢᠬᠠᠨ ᠬᠤᠪᠢᠷᠠᠯᠲᠠ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠠᠯ᠎ᠠ ᠨᠤᠲᠤᠭ ᠤᠨ ᠭᠦᠨ ᠳᠤ ᠪᠤᠢ ᠪᠣᠯᠤᠭᠰᠠᠨ ᠦᠷ᠎ᠡ ᠪᠦᠲᠦᠭᠡᠯ ᠪᠣᠯᠤᠨ᠎ᠠ᠃ ᠥᠨᠥᠳᠦᠷ ᠤᠨ ᠲᠤᠤ ᠮᠠ ᠭᠸᠦ ᠲᠣᠰᠬᠤᠨ ᠲᠣᠰᠬᠤᠨ ᠤ ᠠᠷᠠᠳ ᠤᠨ ᠴᠢᠷᠠᠢ ᠳᠤ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ᠂ ᠲᠣᠰᠬᠤᠨ ᠤ ᠭᠠᠵᠠᠷ ᠪᠣᠯᠭᠠᠨ ᠳᠤ ᠬᠦᠰᠡᠯ ᠡᠷᠡᠮᠡᠯᠵᠡᠯ ᠳᠦᠭᠦᠷᠡᠩ ᠪᠠᠶᠢᠯ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号