ᠨᠡᠪᠲᠡ ᠦᠵᠡᠬᠦ — ᠦᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠪᠦᠯᠦᠭ ᠵᠢᠭᠤᠯᠴᠢᠯᠠᠯ ᠤᠨ ᠨᠡᠷᠡᠲᠦ ᠰᠢᠶᠠᠨ ᠳᠤ ᠶᠠᠭᠠᠬᠢᠭᠠᠳ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠠᠶᠢᠬᠤ ᠪᠤᠢ︖
ᠨᠡᠶᠢᠲᠡᠯᠡᠭᠰᠡᠨ ᠴᠠᠭ᠄
2025/7/2
      ᠪᠤᠯᠤᠩ ᠨᠡᠭᠡᠭᠡᠬᠦ ᠦᠭᠡ      ︽ᠨᠡᠪᠲᠡ ᠦᠵᠡᠬᠦ︾ ᠪᠣᠯ ᠨᠢᠭᠡ ᠵᠦᠢᠯ ᠤᠨ ᠲᠩᠷᠢ ᠭᠠᠵᠠᠷ ᠢ ᠡᠪᠦᠷᠯᠡᠭᠰᠡᠨ ᠥᠷᠭᠡᠨ ᠠᠭᠤᠳᠠᠮ ᠬᠠᠷᠠᠭᠠᠰᠤ ᠮᠥᠨ᠂ ᠲᠡᠷᠡ ᠨᠢ ᠪᠢᠳᠡᠨ ᠢ ᠬᠡᠰᠡᠭ ᠲᠠᠯ᠎ᠠ ᠶᠢᠨ ᠬᠠᠷᠠᠭ᠎ᠠ ᠠᠴᠠ ᠮᠤᠯᠲᠤᠷᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠯᠲᠡ ᠶᠢᠨ ᠶᠡᠭᠡ ᠪᠠᠶᠢᠷᠢᠰᠢᠯ ᠤᠨ ᠳᠡᠭᠡᠷ᠎ᠡ ᠵᠣᠭᠰᠣᠵᠤ᠂ ᠬᠡᠷᠡᠭ ᠶᠠᠪᠤᠳᠠᠯ᠂ ᠦᠵᠡᠭᠳᠡᠯ ᠪᠣᠯᠭᠠᠨ ᠢ ᠬᠢᠨᠠᠨ ᠦᠵᠡᠬᠦ ᠬᠡᠷᠡᠭᠲᠡᠢ ᠭᠡᠵᠦ ᠱᠠᠭᠠᠷᠳᠠᠪᠠ᠃      ︽ᠨᠡᠪᠲᠡ ᠦᠵᠡᠬᠦ︾ ᠪᠣᠯ ᠪᠠᠰᠠ ᠴᠤ᠋ ᠨᠢᠭᠡᠨ ᠵᠦᠢᠯ ᠤᠨ ᠨᠠᠷᠢᠨ ᠪᠠᠢᠳᠠᠯ ᠢ ᠨᠠᠷᠢᠨ ᠣᠢᠯᠠᠭᠠᠵᠤ᠂ ᠬᠤᠷᠴᠠ ᠰᠡᠷᠭᠡᠭ ᠬᠠᠷᠠᠴᠠ ᠪᠠᠷ ᠨᠠᠷᠢᠨ ᠵᠦᠢᠯᠡᠰ ᠢ ᠪᠠᠷᠢᠵᠤ᠂ ᠣᠶᠤᠨᠴᠢ ᠰᠡᠳᠭᠢᠨ ᠪᠣᠳᠤᠯᠬᠢᠯᠠᠯ ᠢᠶᠠᠷ ᠮᠥᠨ ᠴᠢᠨᠠᠷ ᠢ ᠨᠢ ᠵᠠᠳᠠᠯᠵᠤ᠂ ᠲᠡᠳᠡᠭᠡᠷ ᠠᠮᠠᠷᠬᠠᠨ ᠤᠮᠳᠤᠭᠠᠶᠢᠯᠠᠭᠳᠠᠬᠤ ᠮᠥᠷᠲᠡᠭᠡᠨ ᠪᠠᠰᠠ ᠲᠤᠶᠢᠯ ᠤᠨ ᠴᠢᠬᠤᠯᠠ ᠠᠭᠤᠯᠤᠭᠳᠠᠬᠤᠨ ᠢ ᠠᠭᠤᠳᠠᠯᠬᠤ ᠶᠤᠮ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠴᠠᠭ ᠤᠨ ᠦᠨᠡᠯᠡᠯᠲᠡ ᠶᠢᠨ ᠲᠤᠰᠬᠠᠢ ᠪᠤᠯᠤᠩ ᠭᠠᠷᠭᠠᠵᠤ᠂ ᠶᠡᠭᠡ ᠬᠠᠨᠳᠤᠰᠢ ᠶᠢ ᠠᠵᠢᠭᠯᠠᠵᠤ᠂ ᠢᠷᠡᠭᠡᠳᠦᠢ ᠵᠦᠭ ᠬᠠᠨᠳᠤᠨ᠎ᠠ᠂ ᠪᠢᠳᠡ ᠬᠠᠯᠠᠭᠤᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠯᠲᠡ ᠳᠤ ᠠᠷᠭ᠎ᠠ ᠤᠬᠠᠭᠠᠨ ᠭᠠᠷᠭᠠᠬᠤ ᠪᠣᠯᠤᠨ᠎ᠠ᠃      6 ᠳ᠋ᠤᠭᠠᠷ ᠰᠠᠷ᠎ᠠ ᠶᠢᠨ 22 ᠤᠨ ᠡᠳᠦᠷ᠂ ᠪᠤᠭᠤᠲᠤ ᠬᠤᠲᠠ ᠶᠢᠨ ︽ᠳᠡᠯᠡᠬᠡᠶ ᠳ᠋ᠠᠬᠢᠨ ᠤ ᠬᠠᠲᠤᠨ ᠭᠤᠤᠯ ᠤᠨ ᠨᠢᠭᠡᠳᠦᠭᠡᠷ ᠲᠣᠰᠬᠤᠨ︾ ᠤ ᠡᠬᠢᠯᠡᠯᠲᠡ ᠶᠢᠨ 2025 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠰᠢᠨ᠎ᠡ ᠬᠠᠭᠤᠳᠠᠰᠤ · ᠰᠣᠶᠣᠯ ᠵᠢᠭᠤᠯᠴᠢᠯᠠᠯ ᠤᠨ ᠰᠢᠨ᠎ᠡ ᠢᠷᠡᠭᠡᠳᠦᠶ︾ ᠭᠡᠬᠦ ᠭᠤᠤᠯ ᠰᠡᠳᠦᠪᠲᠦ ᠠᠵᠢᠯᠯᠠᠭ᠎ᠠ ᠳᠡᠭᠡᠷ᠎ᠡ᠂ ᠲᠤᠬᠠᠶ ᠶᠢᠨ ᠲᠠᠯᠠᠪᠠᠶ ᠳᠤ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠠᠩᠬᠠᠨ ᠤ ᠪᠦᠯᠦᠭ ᠰᠢᠶᠠᠨ ᠢ ᠨᠡᠶᠢᠲᠡᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠠᠮᠵᠢᠯᠲᠠ ᠲᠠᠢ ᠪᠠᠷ ᠨᠡᠷᠡᠰ ᠤᠨ ᠵᠢᠭᠰᠠᠭᠠᠯᠲᠠ ᠳᠤ ᠣᠷᠣᠵᠤ᠂ ᠪᠤᠭᠤᠲᠤ ᠬᠤᠲᠠ ᠶᠢᠨ ᠴᠣᠷ ᠤᠨ ᠭᠠᠭᠴᠠ ᠲᠣᠰ ᠢᠷᠠᠭᠤ ᠠᠯᠳᠠᠷ ᠢ ᠭᠥᠷᠳᠡᠭᠰᠡᠨ ᠬᠤᠰᠢᠭᠤ ᠰᠢᠶᠠᠨ ᠪᠣᠯᠪᠠ᠃ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠶᠠᠭᠠᠬᠢᠭᠠᠳ ᠪᠦᠬᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠴᠣᠯᠭᠤᠷᠠᠨ ᠭᠠᠷᠴᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ 12 ᠵᠢᠭᠤᠯᠴᠢᠯᠠᠯ ᠤᠨ ᠨᠡᠷᠡᠲᠦ ᠰᠢᠶᠠᠨ ᠤ ᠨᠢᠭᠡ  ᠪᠣᠯᠣᠭᠰᠠᠨ ᠪᠣᠶ︖ ᠶᠠᠭ ᠰᠢᠯᠭᠠᠷᠠᠭᠤᠯᠬᠤ ᠨᠥᠬᠦᠴᠡᠯ ᠳᠤ ᠲᠣᠳᠣᠷᠬᠠᠶᠢᠯᠠᠭᠰᠠᠨ ᠢᠶᠠᠷ᠄ ᠰᠣᠶᠣᠯ ᠤᠨ ᠦᠵᠡᠭᠦᠯᠦᠯᠭᠡ ᠨᠢ ᠭᠦᠢᠴᠡᠳ᠂ ᠵᠢᠭᠤᠯᠴᠢᠯᠠᠯ ᠤᠨ ᠣᠨᠴᠠᠯᠢᠭ ᠨᠢ ᠢᠯᠡ ᠲᠣᠳᠣ᠂ ᠳᠦᠷᠢ ᠲᠥᠷᠬᠦ ᠨᠢ ᠥᠪᠡᠷᠮᠢᠴᠡ ᠣᠨᠴᠠᠯᠢᠭ ᠲᠠᠢ᠃      ᠤᠢᠢᠷ᠎ᠠ ᠶᠢᠨ ᠵᠢᠯ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠤᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠰᠦᠷᠯᠢᠭ ᠰᠠᠶᠢᠬᠠᠨ ᠲᠠᠯ᠎ᠠ ᠨᠤᠲᠤᠭ ᠤᠨ ᠦᠩᠭᠡ ᠦᠵᠡᠮᠵᠢ ᠪᠣᠯᠤᠨ ᠮᠢᠩᠭᠠᠨ ᠵᠢᠯ ᠤᠨ ᠲᠡᠦᠬᠡ ᠶᠢᠨ ᠡᠷᠲᠡᠨ ᠤ ᠪᠠᠭᠤᠷᠢ ᠵᠡᠷᠭᠡ ᠪᠠᠶᠢᠭᠠᠯᠢ ᠰᠣᠶᠣᠯ ᠢᠷᠭᠡᠨᠰᠢᠯ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠡᠯ᠎ᠡ ᠲᠦᠷᠦᠯ ᠤᠨ ᠤᠨᠴᠠᠯᠢᠬᠳᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠨᠠᠷᠢᠨ ᠨᠢᠮᠪᠠᠢ ᠲᠥᠰᠦᠪᠯᠡᠨ ᠡᠷᠬᠢᠯᠡᠬᠦ ᠪᠠᠷ ᠳᠠᠮᠵᠢᠭᠤᠯᠵᠤ᠂ ᠲᠡᠭᠦᠨ ᠢ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠭᠤᠣᠯᠯᠠᠭᠴᠢ ᠦᠷᠢᠰᠦᠯᠳᠦᠬᠦ ᠬᠦᠴᠦᠨ ᠪᠣᠯᠭᠠᠨ ᠬᠤᠪᠢᠷᠠᠭᠤᠯᠵᠤ᠂ ᠥᠪᠡᠷᠮᠢᠴᠡ ᠣᠨᠴᠠᠯᠢᠭ ᠲᠠᠢ ᠰᠣᠶᠣᠯ ᠵᠢᠭᠤᠯᠴᠢᠯᠠᠯ ᠢᠶᠠᠷ ᠬᠤᠰᠢᠭᠤ ᠪᠠᠨ ᠮᠠᠨᠳᠤᠭᠤᠯᠬᠤ ᠵᠠᠮ ᠢᠶᠠᠷ ᠵᠠᠮᠨᠠᠪᠠ᠃      ᠶᠠᠭᠤᠨ ᠤ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠤᠯᠠᠨ ᠠᠴᠠ ᠬᠡᠲᠦ᠋ᠢᠳᠦᠭᠰᠡᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠲᠠᠢ ᠶᠤᠮ᠂ ᠪᠠᠶᠢᠭᠠᠯᠢᠯᠢᠭ ᠦᠵᠡᠮᠵᠢ ᠶᠢᠨ ᠰᠢᠷᠠᠮᠦ᠋ᠷᠡᠨ ᠲᠠᠯ᠎ᠠ ᠨᠤᠲᠤᠭ᠂ ᠲᠩᠷᠢ ᠨᠠᠭᠤᠷ᠂ ᠵᠢᠮᠢᠰᠲᠠᠢ ᠲᠠᠯ᠎ᠠ ᠨᠤᠲᠤᠭ ᠤᠨ ᠴᠢᠯᠠᠭᠤᠨ ᠤᠢ ᠶᠢᠨ ᠦᠵᠡᠮᠵᠢ ᠶᠢᠨ ᠣᠷᠣᠨ᠂ ᠬᠠᠪᠴᠢᠯ ᠵᠢᠯᠠᠭ᠎ᠠ᠂ ᠰᠢᠯᠦᠭ ᠵᠢᠷᠤᠭ ᠤᠨ ᠲᠠᠯ᠎ᠠ ᠨᠤᠲᠤᠭ᠂ ᠳᠠᠯᠠᠢ ᠶᠢᠨ ᠤᠢ ᠰᠢᠭᠤᠢ ᠵᠡᠷᠭᠡ ᠭᠠᠵᠠᠷ ᠤᠳ ᠢ ᠬᠠᠮᠢᠶᠠᠷᠬᠤ ᠦᠭᠡᠢ᠂ ᠪᠠᠰᠠ ᠴᠤ ᠬᠥᠮᠦᠨ ᠰᠣᠶᠣᠯ ᠤᠨ ᠦᠵᠡᠮᠵᠢ ᠤᠯᠠᠨ ᠤᠯᠠᠨᠨᠠᠭᠤᠷ ᠰᠤᠮᠤ ᠶᠢᠨ ᠪᠠᠭᠤᠷᠢ᠂ ᠭᠤᠸᠠᠩ ᠹᠦ᠋ ᠰᠧ ᠰᠦᠮ᠎ᠡ᠂ ᠲᠠᠯ᠎ᠠ ᠨᠤᠲᠤᠭ ᠤᠨ ᠪᠢᠴᠢᠬᠠᠨ ᠡᠭᠡᠴᠢ ᠥᠬᠢᠨ ᠳᠡᠭᠦᠤ ᠶᠢᠨ ᠬᠠᠭᠤᠴᠢᠨ ᠰᠠᠭᠤᠴᠠ᠂ ᠪᠠᠲᠤᠬᠠᠭᠠᠯᠭ᠎ᠠ ᠰᠦᠮ᠎ᠡ ᠶᠢᠨ ᠶᠠᠫᠣᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠦᠵᠡᠭᠦᠯᠦᠯᠭᠡ ᠶᠢᠨ ᠲᠢᠩᠬᠢᠮ ᠵᠡᠷᠭᠡ ᠪᠣᠯᠤᠨ᠎ᠠ᠃ ᠪᠠᠶᠢᠭᠠᠯᠢ ᠶᠢᠨ ᠦᠵᠡᠮᠵᠢ ᠪᠣᠯᠤᠨ ᠰᠣᠶᠣᠯ ᠢᠷᠭᠡᠨᠰᠢᠯ ᠤᠨ ᠦᠵᠡᠮᠵᠢ ᠠᠳᠡ ᠰᠣᠯᠪᠢᠴᠠᠨ ᠭᠡᠷᠡᠯᠲᠦᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠲᠤ ᠪᠠᠬᠢ ᠰᠠᠭᠤᠷᠢ ᠶᠢ ᠬᠠᠮᠲᠤ ᠪᠠᠷ ᠪᠦᠷᠢᠯᠳᠦᠭᠦᠯᠵᠦ᠂ ᠲᠤᠭ᠎ᠠ ᠲᠣᠮᠰᠢ ᠦᠭᠡᠢ ᠤᠯᠠᠨ ᠵᠤᠭᠠᠴᠠᠭᠰᠠᠳ ᠢ ᠲᠠᠲᠠᠵᠤ ᠲᠡᠭᠦᠨ ᠤ ᠥᠪᠡᠷᠮᠢᠴᠡ ᠷᠢᠳᠢ ᠰᠢᠳᠢ ᠶᠢ ᠰᠦᠪᠡᠭᠴᠢᠯᠡᠭᠦᠯᠦᠭᠰᠡᠨ ᠪᠠᠶᠢᠨ᠎ᠠ᠃      ᠳᠠᠷᠠᠭᠠᠯᠠᠪᠠᠯ᠂ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠳᠠᠷᠬᠠᠨ ᠮᠤᠤᠮᠢᠩᠭᠠᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠰᠠᠭᠤᠷᠢ ᠪᠠᠲᠤᠯᠠᠭ᠎ᠠ ᠬᠠᠩᠭᠠᠭᠰᠠᠨ ᠪᠠᠶᠢᠨ᠎ᠠ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠳᠤ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠰᠣᠶᠣᠯ ᠤᠨ ᠠᠵᠤ ᠦᠢᠯᠡᠰ ᠤᠨ ᠲᠥᠷᠥᠯ ᠵᠦᠢᠯ 1᠂ ᠤᠯᠤᠰ ᠤᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ 9᠂ ᠣᠳᠣᠨ ᠲᠠᠰ ᠤᠨ ᠵᠣᠴᠢᠳ ᠤᠨ ᠪᠠᠭᠤᠳᠠᠯ 1᠂ ᠥᠪᠡᠷᠲᠡᠭᠡᠨ ᠵᠠᠰᠠᠬᠤ ᠣᠷᠣᠨ ᠤ ᠣᠳᠣᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠴᠡᠭ 12᠂ ᠡᠯ᠎ᠡ ᠲᠥᠷᠥᠯ ᠤᠨ ᠵᠢᠭᠤᠯᠴᠢᠯᠠᠯ ᠤᠨ ᠭᠥᠯᠢᠶᠡᠨ ᠠᠪᠬᠤ ᠴᠡᠭ 200 ᠭᠠᠷᠤᠶ ᠪᠠᠶᠢᠵᠤ᠂ ᠡᠳᠦᠷ ᠤᠨ ᠢᠳᠡᠭᠡᠨ ᠤᠮᠳᠠᠭᠠᠨ ᠤ ᠭᠥᠯᠢᠶᠡᠨ ᠠᠪᠬᠤ ᠴᠢᠳᠠᠪᠤᠷᠢ 5 ᠲᠦᠮᠡᠨ ᠬᠥᠮᠦᠨ ᠤᠳᠠᠭ᠎ᠠ ᠳᠤ ᠬᠦᠷᠴᠦ᠂ ᠬᠤᠨᠣᠬᠤ ᠴᠢᠳᠠᠪᠤᠷᠢ 2.5 ᠲᠦᠮᠡᠨ ᠬᠥᠮᠦᠨ ᠤᠳᠠᠭ᠎ᠠ ᠳᠤ ᠬᠦᠷᠴᠦ᠂ ᠪᠥᠬᠦ ᠬᠤᠰᠢᠭᠤᠨ ᠤ ᠵᠢᠭᠤᠯᠴᠢᠯᠠᠯ ᠤᠨ ᠦᠢᠯᠡᠰ 3000 ᠭᠠᠷᠤᠶ ᠬᠥᠮᠦᠨ ᠳᠤ ᠰᠢᠭᠤᠳ ᠠᠵᠢᠯ ᠣᠯᠭᠤᠵᠤ᠂ ᠳᠠᠮ ᠠᠵᠢᠯ ᠣᠯᠭᠤᠬᠤ ᠠᠵᠢᠯ ᠤᠨ ᠪᠠᠶᠢᠷᠢ ᠬᠠᠩᠭᠠᠪᠠ᠃ ᠵᠢᠭᠤᠯᠴᠢᠯᠠᠯ ᠤᠨ ᠨᠢᠭᠡ ᠵᠤᠷᠪᠤᠰ ᠵᠠᠮ ᠱᠤᠭᠤᠮ ᠪᠠ 5 ᠵᠤᠷᠪᠤᠰ ᠰᠣᠳᠣᠨ ᠵᠢᠭᠤᠯᠴᠢᠯᠠᠯ ᠤᠨ ᠵᠠᠮ ᠱᠤᠭᠤᠮ ᠢ ᠠᠮᠵᠢᠯᠲᠠ ᠲᠠᠢ ᠪᠠᠷ ᠪᠣᠶ ᠪᠣᠯᠭᠠᠵᠤ᠂ 2020 ᠣᠨ ᠳᠤ ᠥᠪᠡᠷᠲᠡᠭᠡᠨ ᠵᠠᠰᠠᠬᠤ ᠣᠷᠣᠨ ᠤ ᠪᠥᠬᠦ ᠴᠠᠷᠠᠭᠠᠨ ᠤ ᠵᠢᠭᠤᠯᠴᠢᠯᠠᠯ ᠤᠨ ᠠᠩᠬᠠᠳᠠᠭᠴᠢ ᠪᠦᠯᠦᠭ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ 2023 ᠣᠨ ᠳᠤ ᠠᠩᠬᠠᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠣᠷᠣᠨ ᠳᠤ ᠰᠣᠩᠭᠤᠭᠳᠠᠪᠠ᠃ ᠪᠦᠷᠢᠨ ᠲᠡᠭᠦᠯᠳᠡᠷ ᠠᠵᠤ ᠦᠢᠯᠡᠰ ᠤᠨ ᠰᠢᠰᠲ᠋ᠧᠮ ᠨᠢ ᠵᠢᠭᠤᠯᠴᠢᠯᠠᠭᠴᠢ ᠳᠤ ᠪᠥᠬᠦ ᠲᠠᠯ᠎ᠠ ᠶᠢᠨ᠂ ᠴᠢᠨᠠᠷ ᠰᠠᠶᠢᠲᠠᠶ ᠦᠢᠯᠡᠴᠢᠯᠡᠭᠡ ᠬᠠᠩᠭᠠᠵᠤ᠂ ᠵᠢᠭᠤᠯᠴᠢᠯᠠᠯ ᠤᠨ ᠲᠠᠭᠠᠯᠠᠮᠵᠢ ᠶᠢᠨ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃ᠳᠠᠬᠢᠪᠠᠯ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠣᠯᠠᠨ ᠡᠰᠢᠲᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠠᠷᠠᠳ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠪᠠᠷ ᠳᠠᠮᠵᠢᠭᠤᠯᠤᠨ᠂ ᠣᠯᠠᠨ ᠶᠠᠩᠵᠤ ᠶᠢᠨ ᠥᠪᠡᠷᠮᠢᠴᠡ ᠣᠨᠴᠠᠯᠢᠭ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠᠷ ᠳᠠᠮᠵᠢᠭᠤᠯᠤᠨ᠂ ᠰᠣᠶᠣᠯ᠂ ᠪᠡᠶ᠎ᠡ ᠶᠢᠨ ᠲᠠᠮᠢᠷ᠂ ᠲᠠᠷᠢᠶᠠᠯᠠᠩ᠂ ᠵᠢᠭᠤᠯᠴᠢᠯᠠᠯ᠂ ᠬᠤᠳᠠᠯᠳᠤᠭᠠᠨ ᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠪᠠ᠃ 34 ᠬᠤᠭᠤᠴᠠᠭᠠᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠭᠠᠳᠤᠮ ᠤᠨ ᠬᠤᠷᠠᠯ ᠢ ᠵᠠᠯᠭᠠᠭ᠎ᠠ ᠪᠠᠷ ᠡᠷᠬᠢᠯᠡᠵᠦ᠂ ᠤᠯᠠᠮᠵᠢᠯᠠᠯᠲᠤ ᠤᠷᠤᠯᠳᠤᠭᠠᠨ᠂ ᠦᠨᠳᠦᠰᠦᠲᠡᠨ ᠤ ᠳᠠᠭᠤᠤ ᠪᠥᠵᠢᠭ᠂ ᠠᠷᠠᠳ ᠤᠨ ᠵᠠᠩ ᠦᠢᠯᠡ ᠶᠢᠨ ᠦᠵᠡᠭᠦᠯᠦᠯᠭᠡ ᠶᠢ ᠨᠢᠭᠡ ᠴᠤᠭᠴᠠᠵᠢᠭᠤᠯᠵᠤ᠂ ᠲᠠᠯ᠎ᠠ ᠨᠤᠲᠤᠭ ᠤᠨ ᠰᠣᠶᠣᠯ ᠤᠨ ᠥᠪᠡᠷᠮᠢᠴᠡ ᠷᠢᠳᠢ ᠰᠢᠳᠢ ᠶᠢ ᠭᠦᠢᠴᠡᠳ ᠢᠯᠡᠷᠡᠭᠦᠯᠪᠡ᠃ ᠪᠦᠬᠦ ᠤᠯᠤᠰ ᠤᠨ ᠰᠢᠶᠠᠩ ᠾᠧ ᠶᠢᠨ ᠡᠷᠬᠢᠯᠡᠭᠰᠡᠨ ᠮᠣᠷᠢᠨ ᠤᠷᠤᠯᠳᠤᠭᠠᠨ ᠤ ︽ᠬᠦᠳᠡᠭᠡ ᠲᠣᠰᠬᠤᠨ ᠤ ᠬᠡᠳᠦ ᠳᠡᠰ︾ ᠤᠨ ᠬᠤᠯᠪᠣᠭᠠᠲᠤ ᠤᠷᠤᠯᠳᠤᠭᠠᠨ ᠢ ᠠᠩᠬ᠎ᠠ ᠤᠳᠠᠭ᠎ᠠ ᠡᠷᠬᠢᠯᠡᠵᠦ᠂ ︽ᠮᠣᠷᠢ︾ ᠪᠠᠷ ᠵᠠᠭᠤᠴᠢ ᠪᠣᠯᠭᠠᠵᠤ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠰᠣᠶᠣᠯ ᠤᠨ ᠦᠵᠡᠭᠦᠯᠦᠯᠭᠡ ᠶᠢᠨ ᠲᠣᠭᠯᠠᠯᠲᠠ᠂ ᠵᠢᠪᠦᠮᠡᠯ ᠬᠡᠯᠪᠡᠷᠢ ᠶᠢᠨ ᠣᠢᠯᠠᠭᠠᠯᠲᠠ ᠶᠢ ᠠᠭᠤᠰᠤᠯᠴᠠᠭᠤᠯᠵᠤ᠂ ᠡᠯ᠎ᠡ ᠭᠠᠵᠠᠷ ᠤᠨ ᠵᠢᠭᠤᠯᠴᠢᠯᠠᠭᠴᠢᠳ ᠢ ᠲᠠᠲᠠᠵᠤ᠂ ᠦᠪᠡᠳᠡᠭᠰᠢ ᠶᠡᠭᠡ ᠬᠤᠷᠠᠯ ᠳᠤ ᠬᠦᠷᠦᠯᠴᠡᠭᠦᠯᠵᠦ᠂ ᠬᠥᠮᠦᠰ ᠲᠤ ᠭᠤᠶᠣ ᠰᠠᠶᠢᠬᠠᠨ ᠤᠷᠤᠯᠳᠤᠭᠠᠨ ᠢ ᠰᠣᠨᠢᠷᠬᠠᠭᠤᠯᠬᠤ  ᠶᠢᠨ ᠬᠠᠮᠲᠤ᠂ ᠮᠣᠷᠢᠨ ᠰᠣᠶᠣᠯ ᠤᠨ ᠠᠭᠤᠯᠭ᠎ᠠ ᠪᠣᠯᠤᠨ ᠲᠠᠯ᠎ᠠ ᠨᠤᠲᠤᠭ ᠤᠨ ᠵᠠᠩ ᠦᠢᠯᠡ ᠶᠢ ᠭᠦᠨᠵᠡᠭᠡᠢ ᠣᠶᠢᠯᠠᠭᠠᠭᠤᠯᠪᠠ᠃ ᠡᠲᠡᠭᠡᠷ ᠪᠠᠶᠠᠷ ᠳᠤᠷᠠᠰᠬᠠᠯ ᠤᠨ ᠠᠵᠢᠯᠯᠠᠭ᠎ᠠ ᠨᠢ ᠵᠢᠭᠤᠯᠴᠢᠯᠠᠭᠴᠢᠳ ᠤᠨ ᠵᠢᠭᠤᠯᠴᠢᠯᠠᠯ ᠤᠨ ᠣᠶᠢᠯᠠᠭᠠᠯᠲᠠ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠨᠠᠩ ᠨᠡᠮᠡᠭᠳᠡᠭᠦᠯᠦᠭᠰᠡᠨ ᠪᠠᠶᠢᠨ᠎ᠠ᠃      ᠰᠣᠶᠣᠯ ᠵᠢᠭᠤᠯᠴᠢᠯᠠᠯ ᠤᠨ ᠠᠵᠤ‌ᠦᠢᠯᠡᠰ ᠤᠨ ᠬᠥᠭᠵᠢᠯ ᠴᠡᠴᠡᠭᠯᠡᠯ ᠨᠢ ᠨᠢᠭᠡ ᠤᠳᠠᠭᠠᠨ ᠤ ︽ᠡᠷᠪᠡᠬᠡᠢ ᠶᠢᠨ ᠦᠢᠯᠡᠳᠦᠯ︾ ᠲᠠᠢ ᠠᠳᠠᠯᠢ ᠪᠠᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠦᠷᠰᠦ ᠪᠠᠶᠢᠳᠠᠯ ᠢ ᠰᠡᠮᠡᠭᠡᠷ ᠬᠤᠪᠢᠷᠠᠭᠤᠯᠵᠤ ᠪᠠᠶᠢᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠤᠭ᠎ᠠ ᠪᠦᠷᠢᠳᠬᠡᠯ ᠤᠨ ᠠᠯᠪᠠᠨ ᠮᠡᠳᠡᠭᠡ ᠠᠴᠠ ᠦᠵᠡᠪᠡᠯ᠂ 2024 ᠣᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 51.64 ᠳ᠋ᠦᠩᠰᠢᠭᠤᠷ ᠲᠥᠭᠦᠷᠢᠭ ᠲᠤ ᠬᠦᠷᠴᠦ᠂ 2.9% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠡᠵᠡᠯᠡᠬᠦ ᠬᠠᠷᠢᠴᠠᠯ 36.16% ᠳᠤ ᠬᠦᠷᠴᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ ᠲᠥᠯᠥᠭᠡᠯᠡᠭᠦᠯᠦᠭᠰᠡᠨ ᠦᠢᠯᠡᠴᠢᠯᠡᠭᠡᠨ ᠤ ᠦᠢᠯᠡᠰ ᠲᠤ ᠥᠷᠨᠢᠭᠦᠨ ᠠᠮᠢᠵᠢᠷᠠᠯ ᠤᠨ ᠬᠦᠴᠦᠨ ᠢᠯᠡᠷᠡᠪᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠪᠠ ᠡᠷᠡᠭᠦᠯᠵᠢᠯ ᠰᠤᠪᠢᠯᠠᠯᠲᠠ᠂ ᠲᠠᠷᠢᠶᠠᠯᠠᠩ ᠮᠠᠯ ᠠᠵᠤ ᠠᠬᠤᠶ᠂ ᠠᠵᠤ ᠦᠢᠯᠡᠳᠪᠦᠷᠢ ᠵᠡᠷᠭᠡ ᠶᠢ ᠵᠣᠬᠢᠴᠠᠭᠤᠯᠤᠨ ᠬᠥᠭᠵᠢᠭᠦᠯᠵᠦ᠂ ᠠᠵᠤ ᠦᠢᠯᠡᠰ ᠤᠨ ᠠᠭᠤᠰᠤᠯᠴᠠᠯ ᠢ ᠠᠬᠢᠭᠤᠯᠵᠤ᠂ ᠶᠠᠭ ᠪᠥᠬᠦ ᠬᠤᠰᠢᠭᠤᠨ ᠤ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠪᠣᠯᠵᠣ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠪᠦᠯᠦᠭ ᠵᠢᠭᠤᠯᠴᠢᠯᠠᠯ ᠤᠨ ᠨᠡᠷᠡᠲᠦ ᠰᠢᠶᠠᠨ ᠢᠶᠠᠷ ᠦᠨᠡᠯᠡᠭᠳᠡᠭᠰᠡᠨ ᠶᠠᠪᠤᠳᠠᠯ ᠪᠣᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠮᠡᠳᠡᠷᠡᠭᠰᠡᠨ ᠶᠠᠪᠤᠳᠠᠯ ᠪᠣᠯᠤᠨ᠎ᠠ᠃ ᠢᠷᠡᠭᠡᠳᠦᠢ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠡᠭᠦᠨ ᠢᠶᠠᠷ ᠠᠵᠠ ᠲᠣᠬᠢᠶᠠᠯ ᠪᠣᠯᠭᠠᠵᠤ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠯᠳᠠ ᠬᠦᠴᠦᠨ ᠢ ᠤᠯᠠᠮ ᠴᠢᠨᠠᠭᠰᠢᠳᠠ ᠠᠭᠤᠳᠠᠯᠵᠤ᠂ ᠠᠵᠤ ᠦᠢᠯᠡᠰ ᠤᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠷᠢᠳᠢ ᠰᠢᠳᠢ ᠶᠢ ᠡᠬᠡ ᠤᠯᠤᠰ ᠤᠨ ᠤᠮᠠᠷᠠᠲᠤ ᠶᠢᠨ ᠡᠬᠡ ᠭᠠᠵᠠᠷ ᠲᠤ ᠨᠡᠩ ᠦᠵᠡᠰᠬᠦᠯᠡᠩᠲᠦ ᠰᠠᠶᠢᠬᠠᠨ ᠢᠯᠡᠷᠡᠭᠦᠯᠪᠡᠯ ᠵᠣᠬᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号