ᠮᠢᠩᠭᠠᠨ ᠬᠦᠮᠦᠨ ᠶᠠᠪᠠᠭᠠᠨ ᠢᠶᠠᠷ ᠶᠠᠪᠤᠬᠤ + ᠮᠣᠷᠢᠨ ᠨᠢᠷᠤᠭᠤᠨ ᠳᠡᠭᠡᠷᠡᠬᠢ ᠦᠷᠢᠰᠦᠯᠳᠦᠭᠡᠨ  ᠪᠦᠬᠦ ᠠᠷᠠᠳ ᠢᠶᠠᠷ ᠢᠶᠠᠨ ᠵᠤᠨ ᠤ ᠤᠯᠠᠷᠢᠯ ᠤᠨ ᠲᠠᠷᠬᠠᠨ ᠮᠤᠤᠮᠢᠩᠭᠠᠨ ᠤ ᠰᠢᠨ᠎ᠡ ᠨᠠᠭᠠᠳᠤᠮ ᠤᠨ ᠠᠷᠭ᠎ᠠ ᠶᠢᠨ ᠣᠨᠢᠰᠤ ᠶᠢ ᠨᠡᠭᠡᠭᠡᠬᠦ ᠳᠤ ᠣᠷᠣᠯᠴᠠᠨ᠎ᠠ
ᠨᠡᠶᠢᠲᠡᠯᠡᠭᠰᠡᠨ ᠴᠠᠭ᠄
2025/7/2
      6 ᠳ᠋ᠤᠭᠠᠷ ᠰᠠᠷ᠎ᠠ ᠶᠢᠨ 15 ᠤ ᠡᠳᠦᠷ᠂ ︽ᠲᠠᠷᠢᠶᠠᠯᠠᠩ ᠬᠤᠳᠠᠯᠳᠤᠭᠠᠨ ᠤ ᠬᠤᠨᠳᠠᠭᠠᠲᠤ︾ ᠪᠥᠬᠦ ᠬᠤᠰᠢᠭᠤᠨ ᠤ ᠠᠵᠢᠯᠲᠠᠨ ᠠᠵᠢᠯᠴᠢᠨ ᠣᠯᠠᠨ ᠲᠦᠮᠡᠨ ᠤ ᠶᠠᠪᠠᠭᠠᠨ ᠢᠶᠠᠷ ᠠᠵᠢᠯᠯᠠᠬᠤ ᠠᠵᠢᠯᠯᠠᠭ᠎ᠠ᠂ ᠮᠠᠨᠳᠤᠯ ᠪᠠᠯᠭᠠᠰᠤᠨ ᠤ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ · ᠬᠥᠳᠡᠭᠡ ᠲᠤᠰᠬᠤᠨ ᠤ ᠬᠡᠳᠦ ᠳᠡᠰ ᠤᠨ  ᠮᠣᠷᠢᠨ ᠤᠷᠤᠯᠳᠤᠭᠠᠨ︾ ᠨᠢ ᠤᠯᠠᠮᠵᠢᠯᠠᠯᠲᠤ ᠪᠡᠶ᠎ᠡ ᠶᠢᠨ ᠲᠠᠮᠢᠷ ᠤᠨ ᠨᠠᠭᠠᠳᠤᠮ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠵᠡᠷᠭᠡ ᠪᠠᠷ ᠡᠬᠢᠯᠡᠭᠦᠯᠪᠡ᠃ ᠪᠠᠴᠢᠮ ᠰᠡᠳᠦᠯᠲᠡ ᠥᠭᠭᠦᠭᠰᠡᠨ ︽ᠬᠥᠳᠡᠭᠡ ᠲᠣᠰᠬᠤᠨ ᠤ ᠬᠡᠲᠦ ᠳᠡᠰ ᠤᠨ︾ ᠮᠤᠷᠢᠨ ᠤᠷᠤᠯᠳᠤᠭᠠᠨ ᠬᠢᠭᠡᠳ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠥᠭᠡᠳᠡᠯᠡᠨ ᠳᠠᠪᠰᠢᠬᠤ ᠠᠭᠤᠷ ᠠᠮᠢᠰᠬᠤᠯ ᠰᠣᠯᠪᠢᠴᠠᠵᠤ᠂ ᠭᠠᠭᠴᠠ ᠤᠳᠠᠭᠠᠨ ᠤ ᠳᠠᠷᠬᠠᠨ ᠮᠤᠤᠮᠢᠩᠭᠠᠨ ᠤ ᠲᠠᠯ᠎ᠠ ᠨᠤᠲᠤᠭ ᠲᠤ ᠬᠠᠷᠢᠶᠠᠯᠠᠭᠳᠠᠬᠤ ᠵᠣᠨ ᠤ ᠡᠳᠦᠷ ᠤᠨ ᠪᠣᠯᠵᠤᠭ᠎ᠠ ᠬᠠᠯᠠᠭᠤᠨ ᠡᠬᠢᠯᠡᠯᠲᠡ ᠪᠠᠨ ᠡᠬᠢᠯᠡᠭᠦᠯᠪᠡ᠃      ᠥᠷᠯᠥᠭᠡ ᠶᠢᠨ 7 ᠴᠠᠭ 30 ᠮᠢᠨᠦ᠋ᠲ ᠲᠤ᠂ ᠪᠥᠬᠦ ᠬᠤᠰᠢᠭᠤᠨ ᠤ ᠺᠠᠳ᠋ᠷ ᠠᠵᠢᠯᠲᠠᠨ᠂ ᠠᠵᠤ ᠠᠬᠤᠶᠢᠯᠠᠯ ᠤᠨ ᠠᠵᠢᠯᠲᠠᠨ᠂ ᠨᠡᠶᠢᠭᠡᠮ ᠤᠨ ᠣᠯᠠᠨ ᠲᠦᠮᠡᠨ ᠤ ᠬᠠᠮᠲᠤ ᠪᠠᠷ ᠪᠦᠷᠢᠯᠳᠦᠭᠰᠡᠨ ᠡᠩᠨᠡᠭᠡ ᠨᠠᠷᠢᠨ ᠨᠢᠮᠪᠠᠶ ᠲᠥᠯᠥᠪᠵᠢᠭᠦᠯᠦᠭᠰᠡᠨ 6.4 ᠺᠢᠯᠤᠮᠧᠲᠷ ᠤᠨ ᠱᠤᠭᠤᠮ ᠢᠶᠠᠷ ᠡᠮᠬᠢ ᠵᠢᠷᠤᠮ ᠲᠠᠢ ᠮᠣᠷᠳᠠᠵᠤ᠂ ᠠᠯᠬᠤᠮ ᠢᠶᠠᠷ ᠢᠶᠠᠨ ᠬᠠᠮᠲᠤ ᠡᠷᠡᠭᠦᠯ ᠮᠡᠨᠳᠦ ᠶᠢᠨ ᠵᠠᠮ ᠢ ᠬᠡᠮᠵᠢᠵᠦ᠂ ᠪᠣᠳᠠᠲᠤ ᠠᠵᠢᠯᠯᠠᠭ᠎ᠠ ᠪᠠᠷ ᠢᠶᠠᠨ ᠳᠣᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠣᠶᠢᠯᠠᠭᠠᠭᠳᠠᠬᠤᠨ ᠢ ᠦᠢᠯᠡᠳᠦᠯᠭᠡᠵᠢᠭᠦᠯᠪᠡ᠃       ᠵᠠᠮ ᠳᠠᠭᠠᠤ ᠨᠣᠭᠤᠭᠠᠨ ᠦᠩᠭᠡ ᠪᠠᠷ ᠪᠢᠯᠬᠠᠵᠤ᠂ ᠣᠷᠣᠯᠴᠠᠭᠰᠠᠳ ᠨᠢᠭᠡ ᠲᠠᠯ᠎ᠠ ᠪᠠᠷ ᠬᠥᠮᠦᠨ ᠢ ᠰᠣᠭᠲᠣᠭᠤᠷᠠᠭᠤᠯᠤᠮ᠎ᠠ ᠰᠠᠶᠢᠬᠠᠨ ᠦᠵᠡᠮᠵᠢ ᠶᠢ ᠰᠣᠨᠢᠷᠬᠠᠵᠤ᠂ ᠨᠥᠭᠦᠭᠡ ᠲᠠᠯ᠎ᠠ ᠪᠠᠷ ᠲᠠᠮᠢᠷ ᠤᠨ ᠬᠥᠳᠡᠯᠭᠡᠭᠡᠨ ᠠᠴᠠ ᠪᠣᠯᠤᠭᠰᠠᠨ ᠲᠠᠪᠠᠲᠠᠢ ᠵᠦᠢᠯᠡᠰ ᠢ ᠡᠳ᠋ᠯᠡᠵᠦ ᠪᠠᠶᠢᠯ᠎ᠠ᠃ ︽ᠥᠨᠥᠳᠥᠷ ᠪᠢ 20 ᠭᠠᠷᠤᠢ ᠬᠠᠮᠲᠤ ᠠᠵᠢᠯᠲᠠᠨ ᠲᠠᠢ ᠪᠠᠨ ᠬᠠᠮᠲᠤ ᠶᠠᠪᠠᠭᠠᠨ ᠢᠶᠠᠷ ᠶᠠᠪᠤᠬᠤ ᠠᠵᠢᠯᠯᠠᠭ᠎ᠠ ᠳᠤ ᠣᠷᠣᠯᠴᠠᠵᠤ᠂ ᠪᠡᠶ᠎ᠡ ᠰᠡᠳᠬᠢᠯ ᠢᠶᠠᠨ ᠲᠠᠶᠢᠪᠤᠷᠢᠰᠢᠭᠤᠯᠬᠤ ᠪᠠᠷ ᠪᠠᠷᠠᠬᠤ ᠦᠭᠡᠢ ᠪᠠᠰᠠ ᠪᠡᠶ᠎ᠡ ᠮᠠᠬᠠᠪᠣᠳ ᠢᠶᠠᠨ ᠴᠢᠬᠢᠷᠠᠭᠵᠢᠭᠤᠯᠣᠨ᠂ ᠮᠠᠰᠢ ᠤᠳᠬ᠎ᠠ ᠠᠭᠤᠯᠭ᠎ᠠ ᠲᠠᠢ ᠰᠠᠨᠠᠭᠳᠠᠵᠤ ᠪᠠᠶᠢᠨ᠎ᠠ᠃︾ ᠭᠡᠵᠦ ᠪᠣᠭᠤᠲᠣ ᠶᠢᠨ ᠵᠢᠢ ᠳ᠋ᠦᠩ ᠱᠦᠢᠨᠢ ᠶᠢᠨ ᠬᠢᠵᠠᠭᠠᠷᠲᠤ ᠺᠣᠮᠫᠠᠨᠢ ᠶᠢᠨ ᠨᠠᠮ ᠣᠯᠠᠨ ᠲᠦᠮᠡᠨ ᠤ ᠠᠵᠢᠯ ᠤᠨ ᠬᠡᠯᠲᠡᠰ ᠤᠨ ᠳᠠᠷᠤᠭ᠎ᠠ ᠸᠠᠩ ᠶᠠᠨ ᠬᠡᠯᠡᠪᠡ᠃       ᠬᠤᠶᠠᠷ ᠴᠠᠭ ᠰᠢᠬᠠᠮ ᠶᠠᠪᠠᠭᠠᠨ ᠶᠠᠪᠤᠬᠤ ᠪᠠᠷ ᠳᠡᠮᠵᠢᠨ᠂ ᠪᠣᠶ ᠪᠥᠬᠦᠶ ᠣᠷᠣᠯᠴᠠᠭᠰᠠᠳ ᠪᠠᠲᠤᠬᠠᠭᠠᠯᠭ᠎ᠠ ᠶᠢᠨ ᠨᠠᠭᠠᠳᠤᠮ ᠤᠨ ᠠᠵᠤ ᠦᠢᠯᠡᠰ ᠤᠨ ᠬᠦᠷᠢᠶᠡᠯᠡᠩ ᠳᠤ ᠪᠤᠴᠠᠵᠤ ᠱᠠᠩᠨᠠᠯ ᠰᠣᠭᠤᠯᠬᠤ ᠭᠤᠭᠴᠤᠭ᠎ᠠ ᠪᠠᠨ ᠤᠷᠤᠭᠰᠢᠲᠠᠶ ᠪᠡᠶᠡᠯᠡᠭᠦᠯᠪᠡ᠃ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠪᠠᠶᠢᠩᠭᠤ ᠶᠢᠨ ᠳᠡᠳ᠋ ᠲᠡᠷᠢᠭᠦᠯᠡᠭᠴᠢ ᠸᠠᠩ ᠶᠢᠨ ᠯᠢᠶᠠᠩ᠄ ︽ᠥᠨᠥᠳᠦᠷ ᠨᠡᠶᠢᠲᠡ 1900 ᠭᠠᠷᠤᠶ ᠬᠥᠮᠦᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠵᠠᠶ᠃ ᠲᠣᠰ ᠤᠳᠠᠭᠠᠨ ᠤ ᠠᠵᠢᠯᠯᠠᠭ᠎ᠠ ᠶᠢ ᠡᠷᠭᠢᠯᠡᠭᠰᠡᠨ ᠨᠢ ᠳᠠᠷᠬᠠᠨ ᠮᠤᠤᠮᠢᠩᠭᠠᠨ ᠬᠤᠰᠢᠭᠤᠨ ᠤ ︿ᠬᠥᠳᠡᠭᠡ ᠲᠣᠰᠬᠤᠨ ᠤ ᠬᠡᠳᠦ ᠳᠡᠰ ᠤᠨ﹀ ᠮᠣᠷᠢᠨ ᠤᠷᠤᠯᠳᠤᠭᠠᠨ ᠤ ᠨᠠᠷᠠᠲᠤ ᠲᠡᠮᠳᠡᠭᠲᠦ ᠶᠢ ᠦᠷᠭᠦᠯᠵᠢᠯᠡᠨ ᠪᠣᠶ ᠪᠣᠯᠭᠠᠵᠤ᠂ ︿ᠬᠥᠳᠡᠭᠡ ᠲᠣᠰᠬᠤᠨ ᠤ ᠬᠡᠳᠦ ᠳᠡᠰ ᠤᠨ﹀ ᠮᠣᠷᠢᠨ ᠤᠷᠤᠯᠳᠤᠭᠠᠨ  ᠳᠤ ᠬᠦᠴᠦᠨ ᠨᠡᠮᠡᠷᠢᠯᠡᠬᠦ ᠶᠢᠨ ᠬᠠᠮᠲᠤ ᠥᠷᠭᠡᠨ ᠣᠯᠠᠨ ᠠᠵᠢᠯᠲᠠᠨ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠡᠶ᠎ᠡ ᠮᠠᠬᠠᠪᠣᠳ ᠤᠨ ᠬᠡᠪ ᠴᠢᠨᠠᠷ ᠢ ᠨᠡᠮᠡᠭᠳᠡᠭᠦᠯᠦᠨ᠂ ᠪᠥᠬᠦ ᠬᠤᠰᠢᠭᠤᠨ ᠤ ᠠᠵᠢᠯᠲᠠᠨ ᠣᠯᠠᠨ ᠲᠦᠮᠡᠨ ᠤ ᠢᠳᠡᠪᠬᠢᠲᠡᠶ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠶᠢᠨ ᠲᠥᠯᠥᠭᠡ ᠶᠤᠮ᠃ ᠬᠤᠶᠢᠰᠢᠳᠠ᠂ ᠪᠢᠳᠡ ᠪᠠᠰᠠ ᠦᠷᠭᠦᠯᠵᠢᠯᠡᠨ ᠠᠵᠢᠯᠲᠠᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠨᠠᠩ ᠣᠯᠠᠨ ᠪᠠᠶᠠᠯᠢᠭ ᠰᠠᠶᠢᠬᠠᠨ ᠰᠣᠶᠣᠯ ᠲᠠᠮᠢᠷ ᠤᠨ ᠠᠵᠢᠯᠯᠠᠭ᠎ᠠ ᠶᠢ ᠲᠥᠰᠦᠪᠯᠡᠵᠦ᠂ ᠪᠥᠬᠦ ᠬᠤᠰᠢᠭᠤᠨ ᠤ ᠠᠵᠢᠯᠲᠠᠨ ᠤ ᠰᠣᠶᠣᠯ ᠤᠨ ᠠᠵᠢᠯᠯᠠᠭ᠎ᠠ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ᠲᠤᠰ ᠲᠠᠯᠠᠪᠤᠷ ︽ᠬᠥᠳᠡᠭᠡ ᠲᠣᠰᠬᠤᠨ ᠤ ᠬᠡᠳᠦ ᠳᠡᠰ ᠤᠨ︾ ᠮᠣᠷᠢᠨ ᠤᠷᠤᠯᠳᠤᠭᠠᠨ ᠤ ᠭᠤᠣᠯ ᠲᠠᠯᠠᠪᠤᠷ ᠺᠯᠦ᠋ᠪ ᠪᠣᠯᠤᠭᠰᠠᠨ ᠤ ᠬᠤᠪᠢ ᠳᠤ᠂ ᠮᠠᠨᠳᠤᠯ ᠪᠠᠯᠭᠠᠰᠤ ᠦᠨᠳᠦᠰᠦᠲᠡᠨ ᠤ ᠣᠨᠴᠠᠯᠢᠭ ᠲᠠᠢ ᠵᠣᠴᠢᠨ ᠤᠭᠲᠤᠬᠤ ᠶᠣᠰᠣᠯᠠᠯ ᠢᠶᠠᠷ ᠳᠠᠮᠵᠢᠨ ᠵᠢᠭᠤᠯᠴᠢᠯᠠᠭᠴᠢᠳ ᠤᠨ ᠲᠠᠯ᠎ᠠ ᠨᠤᠲᠤᠭ ᠤᠨ ᠵᠠᠩ ᠵᠠᠩᠰᠢᠯ ᠢ ᠣᠶᠢᠯᠠᠭᠠᠭᠤᠯᠵᠠᠢ᠃ ᠡᠭᠦᠨ ᠤ ᠬᠠᠮᠲᠤ᠂ ᠮᠠᠨᠳᠤᠯ ᠪᠠᠯᠭᠠᠰᠤᠨ ᠤ ᠺᠠᠳ᠋ᠷ ᠠᠵᠢᠯᠲᠠᠨ᠂ ᠭᠠᠴᠠᠭᠠᠨ ᠤ ᠬᠤᠶᠠᠷ ᠵᠥᠪᠯᠡᠯ ᠤᠨ ᠭᠡᠰᠢᠭᠦᠨ ᠵᠢᠴᠢ ᠳᠠᠷᠬᠠᠨ ᠮᠤᠤᠮᠢᠩᠭᠠᠨ ᠬᠤᠰᠢᠭᠤᠨ ᠤ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠪᠠᠷ ᠪᠦᠷᠢᠯᠳᠦᠭᠰᠡᠨ ︽ᠪᠠᠶᠠᠷ ᠪᠠᠶᠠᠰᠬᠤᠯᠠᠩᠲᠤ ᠠᠵᠢᠨᠠᠶ ᠮᠣᠷᠢᠨ︾ ᠪᠥᠵᠢᠭ ᠤᠨ ᠲᠣᠭᠯᠠᠯᠲᠠ ᠨᠢ ᠪᠥᠬᠦ ᠲᠠᠯᠠᠪᠤᠷ ᠤᠨ ᠤᠷᠤᠯᠳᠤᠭᠠᠨ ᠳᠤ ᠬᠦᠴᠦ ᠨᠡᠮᠡᠷᠢᠯᠡᠭᠰᠡᠨ ᠪᠠᠶᠢᠨ᠎ᠠ︔ ︽ᠪᠠᠶᠢᠭᠠᠯᠢᠯᠢᠭ ᠠᠮᠢ ᠠᠬᠤᠢ︾ ᠶᠢᠨ ᠠᠷᠠᠳ ᠤᠨ ᠤᠷᠠᠯᠢᠭ ᠤᠨ ᠪᠦᠯᠬᠦᠮ ᠤᠨ ᠲᠣᠭᠯᠠᠯᠲᠠ ᠨᠢ ᠭᠱᠠᠨ ᠵᠠᠭᠤᠷ᠎ᠠ ᠦᠵᠡᠭᠴᠢᠳ ᠢ ᠬᠦᠪᠡᠭᠡ ᠬᠢᠵᠠᠭᠠᠷ ᠦᠭᠡᠢ ᠲᠡᠭᠷᠢ ᠶᠢᠨ ᠬᠢᠵᠠᠭᠠᠷ ᠪᠣᠯᠤᠨ  ᠴᠡᠯᠡᠭᠡᠷ ᠠᠭᠤᠳᠠᠮ ᠨᠣᠭᠤᠭᠠᠨ ᠲᠠᠯ᠎ᠠ ᠳᠤ ᠬᠦᠷᠦᠭᠦᠯᠳᠡᠭ᠃       ︽ᠭᠡᠭᠦᠦ ᠨᠢ ᠬᠤᠣᠰ ᠤᠨᠠᠭ᠎ᠠ ᠤᠨᠠᠭᠠᠯᠠᠵᠤ᠂ ᠠᠮᠤ  ᠶᠢᠨ ᠦᠵᠡᠰᠭᠦᠯᠡᠩ ᠳᠤ ᠬᠤᠣᠰ ᠲᠦᠷᠦᠭᠦᠦ ᠲᠦᠷᠦᠭᠦᠯᠡᠭᠰᠡᠨ︾ ᠨᠢ ᠵᠢᠷᠭᠤᠭᠠᠨ ᠮᠠᠯ ᠲᠠᠪᠤᠨ ᠲᠠᠷᠢᠶ᠎ᠠ ᠨᠢ ᠡᠯᠪᠡᠭ ᠳᠡᠯᠪᠡᠭ ᠬᠤᠷᠢᠶᠠᠯᠲᠠ ᠣᠯᠬᠤ ᠶᠢ ᠪᠡᠯᠭᠡᠳᠡᠵᠡᠢ᠃ ᠲᠤᠰ ᠲᠠᠯᠠᠪᠤᠷ ᠤᠨ ᠤᠷᠤᠯᠳᠤᠭᠠᠨ ᠤ ︽ᠣᠨᠴᠠ ᠤᠷᠢᠭᠳᠠᠭᠰᠠᠨ ᠵᠣᠴᠢᠨ︾ ᠪᠣᠯᠤᠭᠰᠠᠨ ᠤ ᠬᠤᠪᠢ ᠳᠤ᠂ ᠮᠠᠨᠳᠤᠯ ᠪᠠᠯᠭᠠᠰᠤᠨ ᠤ ᠮᠠᠯᠴᠢᠨ ᠪᠠᠳᠠᠷᠠᠬᠤ ᠶᠢᠨ ᠭᠡᠷ ᠤᠨ ᠢᠬᠡᠷ᠎ᠡ ᠤᠨᠠᠭ᠎ᠠ ᠴᠤ ᠲᠤᠬᠠᠶ ᠶᠢᠨ ᠲᠠᠯᠠᠪᠠᠶ ᠳᠤ ︽ᠮᠡᠨᠳᠦᠯᠡᠬᠦ ᠶᠣᠰᠣᠯᠠᠯ︾ ᠢ ᠤᠭᠲᠤᠪᠠ᠃ ᠮᠠᠯᠴᠢᠳ ᠢᠬᠡᠷ᠎ᠡ ᠤᠨᠠᠭᠠᠨ ᠳᠤ ᠬᠠᠳᠠᠭ ᠪᠠᠷᠢᠵᠦ᠂ ᠢᠷᠠᠭᠤ ᠰᠠᠶᠢᠬᠠᠨ ᠳᠠᠭᠤᠤ ᠶᠢᠨ ᠠᠶᠠᠰ ᠳᠤᠮᠳᠠ ᠢᠷᠦᠭᠡᠯ ᠳᠡᠪᠰᠢᠭᠦᠯᠵᠦ᠂ ᠪᠠᠰᠠ ᠲᠤᠬᠠᠢ ᠶᠢᠨ ᠲᠠᠯᠠᠪᠠᠢ ᠳᠤ ᠪᠠᠶᠢᠭᠰᠠᠨ ᠵᠢᠭᠤᠯᠴᠢᠯᠠᠭᠴᠢᠳ ᠲᠤ ᠬᠥᠮᠦᠨ ᠪᠠ ᠠᠳᠤᠭᠤᠨ ᠤ ᠬᠤᠭᠤᠷᠣᠨᠳᠣᠬᠢ ᠭᠦᠨ ᠵᠤᠵᠠᠭᠠᠨ ᠨᠥᠬᠦᠷᠯᠡᠯ ᠢ ᠣᠶᠢᠯᠠᠭᠠᠭᠤᠯᠪᠠ᠃      ᠲᠤᠰ ᠲᠠᠯᠠᠪᠤᠷ ᠤᠨ ᠤᠷᠤᠯᠳᠤᠭᠠᠨ ᠨᠢ 1.4 ᠮᠧᠲᠷ ᠠᠴᠠ ᠳᠡᠭᠡᠭᠰᠢ ᠬᠤᠷᠳᠤᠨ ᠮᠣᠷᠢ ᠨᠢ 4800 ᠮᠧᠲᠷ᠂ 1.4 ᠮᠧᠲᠷ ᠠᠴᠠ ᠳᠡᠭᠡᠭᠰᠢᠬᠢ ᠵᠢᠷᠤᠭ᠎ᠠ ᠮᠣᠷᠢ ᠨᠢ 4800 ᠮᠧᠲᠷ᠂ 1.4 ᠮᠧᠲᠷ ᠠᠴᠠ ᠳᠣᠷᠣᠭᠰᠢᠬᠢ ᠬᠤᠷᠳᠤᠨ ᠮᠣᠷᠢ ᠨᠢ 4800 ᠮᠧᠲᠷ᠂ 4 ᠵᠦᠢᠯ ᠤᠨ ᠵᠢᠷᠤᠭ᠎ᠠ ᠮᠣᠷᠢ ᠨᠢ 4800 ᠮᠧᠲᠷ ᠠᠴᠠ ᠳᠣᠷᠣᠭᠰᠢᠬᠢ ᠵᠢᠷᠤᠭ᠎ᠠ ᠮᠣᠷᠢ ᠨᠢ 4 ᠵᠦᠢᠯ ᠤᠨ ᠳᠥᠷᠪᠡᠨ ᠵᠦᠢᠯ ᠪᠠᠶᠢᠵᠤ᠂ ᠰᠤᠷ ᠬᠠᠷᠪᠤᠬᠤ ᠤᠷᠤᠯᠳᠤᠭᠠᠨ᠂ ᠪᠥᠬᠡ ᠶᠢᠨ ᠤᠷᠤᠯᠳᠤᠭᠠᠨ᠂ ᠱᠠᠭ᠎ᠠ ᠶᠢᠨ ᠤᠷᠤᠯᠳᠤᠭᠠᠨ ᠪᠠ ᠮᠣᠩᠭᠤᠯ ᠲᠡᠷᠯᠢᠭ ᠡᠮᠦᠰᠴᠦ ᠮᠣᠷᠢᠨ ᠤ ᠡᠮᠡᠭᠡᠯ ᠤᠭᠰᠠᠷᠠᠬᠤ ᠤᠷᠤᠯᠳᠤᠭᠠᠨ ᠵᠡᠷᠭᠡ ᠶᠢ ᠬᠢᠭᠰᠡᠨ ᠪᠠᠶᠢᠨ᠎ᠠ᠃       ᠤᠷᠤᠯᠳᠤᠭᠠᠨ ᠡᠬᠢᠯᠡᠬᠦ ᠳᠤ ᠠᠵᠢᠨᠠᠢ ᠬᠥᠯᠦᠭ ᠶᠠᠭ ᠯᠠ ᠬᠥᠪᠴᠢᠨ ᠠᠴᠠ ᠭᠠᠷᠤᠭᠰᠠᠨ ᠰᠤᠮᠤ ᠮᠡᠲᠦ ᠮᠣᠷᠢᠲᠠᠨ ᠤ ᠪᠡᠶ᠎ᠡ ᠪᠢᠯᠳᠠᠷ ᠢᠳᠡᠷᠡᠭᠦᠨ ᠳᠣᠷᠪᠢᠲᠠᠢ ᠪᠠᠶᠢᠵᠤ᠂ ᠤᠷᠤᠯᠳᠤᠭᠠᠨ ᠤ ᠵᠠᠮ ᠳᠡᠭᠡᠷ᠎ᠡ ᠬᠤᠷᠳᠤᠴᠠ ᠶᠢ ᠨᠢ ᠲᠠᠰᠤᠯᠵᠤ ᠰᠢᠢᠳᠪᠦᠷᠢᠯᠡᠳᠡᠭ︔ ᠬᠠᠷᠪᠤᠭᠠᠴᠢᠳ ᠤᠨ ᠬᠠᠷᠠᠭ᠎ᠠ ᠪᠠᠮᠪᠠᠷ ᠮᠡᠲᠦ ᠫᠠᠢ ᠶᠢᠨ ᠭᠤᠣᠯ ᠤᠷᠤᠭᠤ ᠴᠢᠭᠯᠡᠵᠦ᠂ ᠬᠤᠷᠴᠠ ᠰᠤᠮᠤ ᠬᠥᠪᠴᠢᠨ ᠠᠴᠠ ᠭᠠᠷᠴᠤ ᠴᠠᠬᠢᠯᠭᠠᠨ ᠮᠡᠲᠦ ᠲᠤᠭᠤᠷᠢᠭ ᠫᠠᠢ ᠤᠷᠤᠭᠤ ᠴᠢᠭᠯᠡᠪᠡ︔ ᠪᠦᠬᠡᠴᠦᠳ ︽ᠬᠤᠶᠠᠭ︾ ᠡᠮᠦᠰᠴᠦ ᠲᠠᠯᠠᠪᠠᠢ ᠳᠤ ᠣᠷᠣᠵᠤ᠂ ᠬᠤᠣᠰᠯᠠᠨ ᠪᠠᠷᠢᠯᠳᠤᠵᠤ᠂ ᠬᠠᠷᠢᠯᠴᠠᠨ ᠡᠰᠡᠷᠭᠦᠴᠡᠯᠳᠦᠵᠦ᠂ ᠬᠥᠯ ᠡᠪᠦᠳᠦᠭ ᠤᠨ ᠮᠦᠷᠭᠦᠯᠳᠦᠭᠡᠨ᠂ ᠬᠦᠴᠦᠨ ᠴᠢᠳᠠᠯ ᠪᠠ ᠤᠶᠤᠨ ᠤᠬᠠᠭᠠᠨ ᠤ ᠮᠥᠷᠭᠦᠯᠳᠦᠭᠡᠨ ᠠᠳᠡ ᠢᠯᠡᠷᠡᠪᠡ︔ ᠱᠠᠭ᠎ᠠ ᠶᠢᠨ ᠤᠷᠤᠯᠳᠤᠭᠠᠨ ᠳᠤ ᠣᠷᠣᠯᠴᠠᠭᠰᠠᠳ ᠬᠠᠮᠲᠤ ᠰᠠᠭᠤᠵᠤ᠂ ᠨᠢᠭᠡ ᠨᠢᠭᠡ ᠪᠠᠷ ᠢᠶᠠᠨ ᠠᠮᠢᠰᠬᠤᠭ᠎ᠠ ᠪᠠᠨ ᠬᠤᠷᠢᠵᠤ᠂ ᠬᠤᠷᠤᠭᠤᠨ ᠦᠵᠦᠭᠦᠷ ᠢᠶᠠᠨ ᠬᠦᠳᠡᠯᠭᠡᠵᠦ᠂ ᠬᠤᠷᠤᠭᠤᠨ ᠦᠵᠦᠬᠦᠷ ᠤᠨ ᠤᠷᠠᠯᠢᠭ ᠢᠶᠠᠨ ᠢᠯᠡᠷᠡᠭᠦᠯᠦᠨ᠎ᠡ︔ ᠮᠣᠩᠭᠤᠯ ᠲᠡᠷᠯᠢᠭ ᠡᠮᠦᠰᠦᠭᠰᠡᠨ ᠲᠠᠮᠢᠷᠴᠢᠳ ᠦᠳᠲᠡᠷ ᠲᠦᠷᠭᠡᠨ ᠡᠮᠡᠭᠡᠯ ᠤᠨ ᠪᠠᠭᠠᠵᠢ ᠶᠢᠨ ᠲᠠᠰᠤᠯᠭ᠎ᠠ ᠳᠤᠮᠳᠠ ᠰᠦᠯᠵᠢᠯᠳᠦᠵᠦ᠂ ᠬᠤᠶᠠᠷ ᠭᠠᠷ ᠨᠢ ᠨᠢᠰᠦᠨ ᠡᠷᠭᠢᠯᠳᠦᠵᠦ᠂ ᠨᠢᠳᠦ ᠢᠷᠮᠡᠬᠦ ᠶᠢᠨ ᠵᠠᠭᠤᠷ᠎ᠠ ᠡᠮᠡᠭᠡᠯ ᠢᠶᠠᠨ ᠤᠭᠰᠠᠷᠠᠭᠠᠳ ᠪᠠᠷᠠᠪᠠ ᠁      ᠵᠠᠯᠭᠠᠭ᠎ᠠ ᠪᠠᠷ ᠲᠣᠭᠯᠠᠭᠰᠠᠨ ᠭᠤᠶᠢᠳᠠ ᠰᠠᠶᠢᠬᠠᠨ ᠤᠷᠤᠯᠳᠤᠭᠠᠨ ᠨᠢ ᠵᠢᠭᠤᠯᠴᠢᠯᠠᠭᠴᠢᠳ ᠢ  ᠦᠵᠡᠵᠦ ᠵᠠᠪᠳᠤᠬᠤ ᠦᠭᠡᠢ ᠪᠣᠯᠭᠠᠵᠣ᠂ ᠪᠠᠬ᠎ᠠ ᠬᠠᠨᠤᠭᠰᠠᠨ ᠢᠶᠠᠨ ᠶᠡᠬᠡᠪᠡᠷ ᠬᠠᠰᠭᠢᠷᠴᠤ᠂ ᠦᠵᠡᠭᠴᠢᠳ ᠤᠨ ᠲᠣᠭᠤᠷᠢᠭ ᠤᠨ ᠵᠢᠭᠤᠯᠴᠢᠯᠠᠭᠴᠢᠳ ᠬᠦᠭᠡᠷᠦᠯᠳᠦᠨ ᠬᠠᠰᠬᠢᠷᠴᠤ᠂ ᠬᠦᠴᠦᠨ ᠨᠡᠮᠡᠵᠦ᠂ ᠨᠡᠩ ᠴᠤ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠣᠷᠭᠢᠯ ᠳᠤ ᠨᠢ ᠬᠦᠷᠭᠡᠵᠡᠢ᠃ ᠵᠢᠭᠤᠯᠴᠢᠯᠠᠭᠴᠢ ᠴᠢ ᠵᠢᠶᠠ ᠢ᠄ ︽ᠥᠨᠥᠳᠥᠷ ᠪᠢ ᠤᠷᠤᠯᠳᠤᠭᠠᠨ ᠤ ᠲᠠᠯᠠᠪᠤᠷ ᠠᠴᠠ ᠮᠣᠷᠢᠲᠠᠳ ᠤᠨ  ᠠᠷᠤᠤᠬᠠᠨ ᠬᠡᠬᠡᠨᠴᠢᠷ ᠪᠠᠶᠢᠳᠠᠯ᠂ ᠢᠯᠠᠩᠭᠤᠶ᠎ᠠ ᠮᠣᠷᠢᠨ ᠨᠢᠷᠤᠭᠤᠨ ᠳᠡᠭᠡᠷ᠎ᠡ ᠨᠢᠰᠬᠦ ᠮᠡᠲᠦ ᠳᠣᠪᠲᠤᠯᠠᠭᠤᠯᠬᠤ ᠦᠶ᠎ᠡ ᠳᠤ ᠴᠤᠭ ᠵᠢᠪᠬᠤᠭ᠎ᠠ ᠪᠠᠳᠠᠷᠠᠩᠭᠤᠢ ᠪᠠᠶᠢᠯ᠎ᠠ᠃ ᠪᠢ ᠪᠠᠰᠠ ᠮᠣᠷᠢᠨ ᠳᠤ ᠳᠤᠷᠠᠲᠠᠢ᠂ ᠣᠷᠴᠢᠮ ᠳᠤ ᠪᠠᠰᠠ ᠮᠣᠷᠢ ᠤᠨᠤᠬᠤ ᠶᠢ ᠰᠤᠷᠴᠤ ᠪᠠᠶᠢᠨ᠎ᠠ᠂ ᠬᠤᠵᠢᠮ ᠪᠠᠰᠠ ᠲᠡᠳᠡᠨ ᠲᠠᠢ ᠠᠳᠠᠯᠢ ᠪᠣᠯᠬᠤ ᠶᠢ ᠬᠦᠰᠡᠵᠦ ᠪᠠᠶᠢᠨ᠎ᠠ᠃︾ ᠭᠡᠪᠡ᠃      ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︿ᠬᠦᠳᠡᠭᠡ ᠲᠣᠰᠬᠤᠨ ᠤ ᠬᠡᠳᠦ ᠳᠡᠰ ᠤᠨ﹀ ᠮᠣᠷᠢᠨ ᠤ ᠤᠷᠤᠯᠳᠤᠭᠠᠨ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠲᠣᠰ ᠤᠳᠠᠭ᠎ᠠ ᠮᠠᠨᠳᠤᠯ ᠪᠠᠯᠭᠠᠰᠤ ᠠᠭᠤᠯᠭ᠎ᠠ ᠪᠠᠶᠠᠯᠢᠭ ᠣᠯᠠᠨ ᠡᠰᠢᠲᠦ ᠭᠤᠶᠢᠳᠠ ᠰᠠᠶᠢᠬᠠᠨ ᠠᠵᠢᠯᠯᠠᠭ᠎ᠠ ᠥᠷᠨᠢᠭᠦᠯᠵᠦ᠂ ︿ᠡᠷ᠎ᠡ ᠶᠢᠨ ᠭᠤᠷᠪᠠᠨ ᠨᠠᠭᠠᠳᠤᠮ﹀ ᠤᠨ ᠮᠣᠷᠢ ᠤᠷᠤᠯᠳᠤᠬᠤ᠂ ᠪᠦᠬᠡ ᠪᠠᠷᠢᠯᠳᠤᠬᠤ᠂ ᠰᠤᠷ ᠬᠠᠷᠪᠤᠬᠤ ᠵᠡᠷᠭᠡ ᠰᠣᠩᠭᠤᠳᠠᠭ ᠤᠷᠤᠯᠳᠤᠭᠠᠨ ᠤ ᠲᠥᠷᠥᠯ ᠵᠦᠢᠯ ᠪᠠᠶᠢᠵᠤ᠂ ᠪᠠᠰᠠ ᠱᠠᠭ᠎ᠠ ᠶᠢᠨ ᠲᠣᠭᠯᠠᠭᠠᠮ ᠵᠡᠷᠭᠡ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠬᠥᠳᠡᠯᠭᠡᠭᠡᠨ ᠪᠠᠶᠢᠵᠤ ᠬᠠᠮᠲᠤ ᠳᠤ ᠨᠢ ᠪᠠᠰᠠ ︿ᠬᠦᠳᠡᠭᠡ ᠲᠣᠰᠬᠤᠨ ᠤ ᠬᠡᠳᠦ ᠳᠡᠰ ᠤᠨ﹀ ᠮᠣᠷᠢᠨ ᠤ ᠤᠷᠤᠯᠳᠤᠭᠠᠨ ᠤ ᠮᠣᠷᠢᠲᠠᠨ ᠳᠤ ᠬᠠᠨᠳᠤᠭᠤᠯᠤᠭᠰᠠᠨ ᠪᠡᠶᠡᠴᠢᠯᠡᠨ ᠣᠶᠢᠯᠠᠭᠠᠬᠤ ᠥᠪᠡᠷᠮᠢᠴᠡ ᠲᠥᠷᠥᠯ ᠵᠦᠢᠯ ᠢ ᠣᠨᠴᠠᠭᠠᠶᠢᠯᠠᠨ ᠭᠠᠷᠭᠠᠪᠠ᠂ ᠵᠢᠱᠢᠶᠡᠯᠡᠪᠡᠯ ᠮᠣᠩᠭᠤᠯ ᠬᠤᠪᠴᠠᠰᠤ ᠡᠮᠦᠰᠴᠦ ᠡᠮᠡᠭᠡᠯ ᠤᠭᠰᠠᠷᠠᠬᠤ ᠵᠡᠷᠭᠡ ᠰᠣᠨᠢᠷᠬᠠᠯᠲᠤ ᠲᠣᠭᠯᠠᠭᠠᠮ ᠢ ᠭᠠᠷᠭᠠᠵᠤ᠂ ᠲᠠᠯ᠎ᠠ ᠨᠤᠲᠤᠭ ᠤᠨ ᠰᠣᠶᠣᠯ ᠤᠨ ᠷᠢᠳᠢ ᠰᠢᠳᠢ ᠶᠢ ᠭᠦᠢᠴᠡᠳ ᠢᠯᠡᠷᠡᠭᠦᠯᠪᠡ᠃︾ ᠮᠠᠨᠳᠤᠯ ᠪᠠᠯᠭᠠᠰᠤᠨ ᠤ ᠤᠬᠠᠭᠤᠯᠬᠤ ᠭᠡᠰᠢᠭᠦᠨ ᠳᠣᠷᠤᠨ᠎ᠠ᠂ ︽ᠲᠣᠰ ᠲᠠᠯᠠᠪᠤᠷ ᠤᠨ ᠤᠷᠤᠯᠳᠤᠭᠠᠨ ᠨᠢ ᠪᠠᠰᠠ ᠰᠢᠯᠢ ᠶᠢᠨ ᠭᠤᠣᠯ᠂ ᠤᠯᠠᠭᠠᠨᠴᠠᠪ᠂ ᠪᠠᠶᠠᠨᠨᠠᠭᠤᠷ᠂ ᠣᠷᠳᠣᠰ ᠵᠡᠷᠭᠡ ᠭᠠᠵᠠᠷ ᠠᠴᠠ ᠢᠷᠡᠭᠰᠡᠨ ᠶᠡᠭᠡ ᠬᠡᠮᠵᠢᠶᠡᠨ ᠤ ᠲᠠᠮᠢᠷᠴᠢᠳ ᠢ ᠲᠠᠲᠠᠵᠤ᠂ ᠣᠯᠠᠨ ᠢᠶᠠᠷ ᠢᠶᠠᠨ ᠬᠠᠮᠲᠤ ᠪᠠᠷ ᠣᠷᠣᠯᠴᠠᠵᠤ᠂ ᠠᠳᠠᠯᠢ ᠪᠤᠰᠤ ᠨᠤᠲᠤᠭ ᠤᠨ ᠵᠠᠩᠰᠢᠯ ᠠᠷᠠᠳ ᠤᠨ ᠳᠠᠳᠬᠠᠯ ᠢ ᠣᠶᠢᠯᠠᠭᠠᠪᠠ᠃ ᠨᠢᠭᠡ ᠵᠠᠮ ᠤᠮᠠᠷᠠᠰᠢ ᠴᠢᠭᠯᠡᠬᠦ ᠳᠤ᠂ ᠳᠠᠷᠬᠠᠨ ᠮᠤᠤᠮᠢᠩᠭᠠᠨ ᠬᠠᠮᠤᠭ ᠠᠴᠠ ᠭᠤᠶᠣ︕ ᠤᠯᠠᠨ ᠢᠶᠠᠷ ᠢᠶᠠᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠢᠷᠡᠵᠦ ︽ᠬᠦᠳᠡᠭᠡ ᠲᠣᠰᠬᠤᠨ ᠤ ᠬᠡᠳᠦ ᠳᠡᠰ ᠤᠨ︾ ᠮᠣᠷᠢᠨ ᠤ ᠤᠷᠤᠯᠳᠤᠭᠠᠨ ᠢ ᠰᠣᠨᠢᠷᠬᠠᠵᠤ᠂ ᠤᠨᠴᠠᠯᠢᠬᠳᠤ ᠠᠮᠲᠠᠲᠤ ᠢᠳᠡᠭᠡᠨ ᠢ ᠠᠮᠲᠠᠯᠠᠬᠤ ᠶᠢ ᠪᠠᠶᠠᠷᠯᠠᠨ ᠤᠭᠲᠤᠵᠤ ᠪᠠᠶᠢᠨ᠎ᠠ᠃︾ ᠭᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号