ᠰᠢᠨᠬᠤᠸᠠ ᠬᠤᠷᠢᠶᠠᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 1 ᠤ ᠡᠳᠦᠷ ᠤᠨ ᠴᠠᠬᠢᠯᠭᠠᠨ ᠮᠡᠳᠡᠭᠡ ᠨᠠᠮ ᠤᠨ | ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠡᠷᠬᠢᠯᠡᠭᠴᠢ ᠰᠢ ᠶᠢᠨ ᠫᠢᠩ 7 ᠳ᠋ᠤᠭᠠᠷ | ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ | ᠵᠢᠷᠭᠤᠳᠤᠭᠠᠷ ᠤᠳᠠᠭ᠎ᠠ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠤᠨ ᠪᠦᠲᠦᠭᠡᠨ ᠪᠠᠶᠢᠭᠤᠯᠤᠯᠲᠠ᠂ ᠲᠠᠯᠠᠢ ᠲᠠᠩᠭᠢᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠭᠦᠨᠵᠡᠭᠡᠢ ᠠᠬᠢᠭᠤᠯᠬᠤ ᠵᠡᠷᠭᠡ ᠠᠰᠠᠭᠤᠳᠠᠯ ᠤᠳ ᠢ ᠰᠤᠳᠤᠯᠪᠠ᠃ ᠰᠢ ᠶᠢᠨ ᠫᠢᠩ ᠬᠤᠷᠠᠯᠳᠤᠭᠠᠨ ᠳᠡᠭᠡᠷ᠎ᠡ ᠴᠢᠬᠤᠯᠠ ᠶᠠᠷᠢᠶ᠎ᠠ | ᠲᠠᠯᠪᠢᠨ ᠴᠢᠬᠤᠯᠠᠴᠢᠯᠠᠬᠤ ᠳᠤ ᠪᠠᠨ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠪᠣᠯ ᠰᠢᠨ᠎ᠡ | ᠬᠥᠭᠵᠢᠯᠲᠡ ᠶᠢᠨ ᠲᠥᠯᠥᠪ ᠪᠠᠶᠢᠳᠠᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠡᠷᠡᠭᠴᠡᠭᠡ ᠮᠥᠨ᠂ | ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ | ᠴᠢᠩᠭᠠᠳᠬᠠᠵᠤ᠂ ᠠᠬᠢᠭᠤᠯᠬᠤ ᠨᠡᠶᠢᠯᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠳᠠᠯᠠᠢ ᠲᠠᠩᠭᠢᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠳᠠᠯᠠᠢ ᠲᠠᠩᠭᠢᠰ ᠤᠨ ᠲᠠᠯ᠎ᠠ ᠪᠠᠷ ᠬᠦᠴᠦᠷᠬᠡᠭᠵᠢᠬᠦ ᠵᠠᠮ ᠢᠶᠠᠷ | ᠵᠠᠮᠨᠠᠬᠤ ᠬᠡᠷᠡᠭᠲᠡᠢ ᠭᠡᠵᠡᠢ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠳᠡᠳ᠋ | ᠡᠷᠬᠢᠯᠡᠭᠴᠢ ᠯᠢ ᠴᠢᠶᠠᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ | ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠭᠡᠰᠢᠭᠦᠨ | ᠼᠠᠢ ᠴᠢ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠲᠣᠰ ᠬᠤᠷᠠᠯᠳᠤᠭᠠᠨ ᠳᠤ ᠣᠷᠣᠯᠴᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ | ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠬᠤ ᠶᠢᠨ ᠦᠨᠳᠦᠰᠦᠨ ᠱᠠᠭᠠᠷᠳᠠᠯᠭ᠎ᠠ ᠪᠣᠯ ︽ᠲᠠᠪᠤ ᠶᠢ | ᠨᠢᠭᠡᠳᠬᠡᠵᠦ᠂ ᠨᠢᠭᠡ ᠶᠢ ᠨᠡᠭᠡᠭᠡᠯᠲᠡ ᠬᠢᠬᠦ︾ ᠶᠠᠪᠤᠳᠠᠯ ᠪᠣᠯᠣᠨ᠎ᠠ᠂ ᠲᠤᠬᠠᠶᠢᠯᠠᠪᠠᠯ ᠵᠠᠬ᠎ᠠ ᠳᠡᠯᠭᠡᠭᠦᠷ ᠤᠨ ᠰᠠᠭᠤᠷᠢ ᠳᠦᠷᠢᠮ ᠢ | ᠨᠢᠭᠡᠳᠬᠡᠬᠦ᠂ ᠵᠠᠬ᠎ᠠ ᠳᠡᠯᠭᠡᠭᠦᠷ ᠤᠨ ᠰᠠᠭᠤᠷᠢ ᠪᠡᠯᠡᠳᠬᠡᠮᠵᠢ ᠶᠢ ᠨᠢᠭᠡᠳᠬᠡᠬᠦ᠂ ᠵᠠᠰᠠᠭ ᠤᠨ ᠣᠷᠳᠣᠨ ᠤ ᠠᠵᠢᠯᠯᠠᠭᠠᠨ ᠤ | ᠪᠠᠷᠢᠮᠵᠢᠶ᠎ᠠ ᠶᠢ ᠨᠢᠭᠡᠳᠬᠡᠬᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠶᠢ ᠨᠢᠭᠡᠳᠬᠡᠬᠦ᠂ | ᠴᠢᠬᠤᠯᠠ ᠬᠦᠴᠦᠨ ᠵᠦᠢᠯ ᠤᠨ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠨᠢᠭᠡᠳᠬᠡᠬᠦ᠂ ᠳᠣᠲᠣᠭᠠᠳᠤ ᠪᠠ ᠭᠠᠳᠠᠭᠠᠳᠤ | ᠨᠡᠭᠡᠭᠡᠯᠲᠡ ᠶᠢ ᠦᠷᠭᠦᠯᠵᠢᠯᠡᠨ ᠥᠷᠭᠡᠳᠬᠡᠬᠦ ᠶᠠᠪᠤᠳᠠᠯ ᠪᠣᠯᠣᠨ᠎ᠠ ᠭᠡᠵᠡᠢ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ | ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠳᠤ᠂ ᠭᠤᠣᠯᠳᠠᠯᠭ᠎ᠠ ᠪᠣᠯᠬᠤ ᠬᠦᠴᠢᠷ ᠠᠰᠠᠭᠤᠳᠠᠯ ᠳᠤ ᠠᠩᠬᠠᠷᠤᠯ | ᠲᠥᠪᠯᠡᠷᠡᠭᠦᠯᠵᠦ᠂ ᠠᠵᠤ ᠠᠬᠤᠶᠢᠯᠠᠯ ᠤᠨ ᠬᠢᠮᠳᠠ ᠦᠨ᠎ᠡ ᠪᠠᠷ ᠡᠮᠬᠢ ᠵᠠᠮᠪᠠᠷᠠᠭ᠎ᠠ ᠦᠭᠡᠢ ᠥᠷᠢᠰᠦᠯᠳᠦᠬᠦ ᠶᠢ ᠬᠠᠤᠯᠢ | ᠲᠣᠭᠲᠠᠭᠠᠯ ᠶᠣᠰᠣᠭᠠᠷ ᠵᠠᠰᠠᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠦᠢᠯᠡᠳᠬᠦᠨ ᠤ ᠴᠢᠨᠠᠷ | ᠴᠢᠨᠰᠠᠭ᠎ᠠ ᠶᠢ ᠳᠡᠭᠡᠭᠰᠢᠯᠡᠭᠦᠯᠵᠦ᠂ ᠬᠤᠴᠣᠷᠤᠩᠭᠤᠢ ᠦᠢᠯᠡᠳᠪᠦᠷᠢᠯᠡᠬᠦ ᠴᠢᠳᠠᠮᠵᠢ ᠶᠢᠨ ᠡᠮᠬᠢ ᠵᠢᠷᠤᠮ ᠲᠠᠢ ᠪᠠᠷ ᠪᠤᠴᠠᠵᠤ | ᠭᠠᠷᠬᠤ ᠶᠢ ᠠᠬᠢᠭᠤᠯᠤᠨ᠎ᠠ︔ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ ᠶᠢ ᠵᠢᠷᠤᠮᠵᠢᠭᠤᠯᠵᠤ᠂ ᠳᠠᠭᠠᠭᠠᠴᠢᠯᠠᠯᠲᠠ ᠣᠯᠣᠭᠰᠠᠨ ᠦᠷ᠎ᠡ ᠳ᠋ᠦᠩ ᠳᠤ ᠭᠤᠣᠯᠴᠢ ᠴᠢᠨᠠᠷ ᠤᠨ ᠬᠢᠨᠠᠨ | ᠪᠠᠶᠢᠴᠠᠭᠠᠯᠲᠠ ᠶᠢ ᠴᠢᠩᠭᠠᠳᠬᠠᠨ᠎ᠠ︔ ᠣᠷᠣᠨ ᠨᠤᠲᠤᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ | ᠵᠢᠷᠤᠮᠵᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ ᠬᠢ ᠮᠡᠳᠡᠭᠡ ᠵᠠᠩᠭᠢ ᠨᠡᠶᠢᠲᠡᠯᠡᠬᠦ ᠶᠢ | ᠴᠢᠩᠭᠠᠳᠬᠠᠨ᠎ᠠ︔ ᠳᠣᠲᠣᠭᠠᠳᠤ ᠠᠷᠠᠯᠵᠢᠶ᠎ᠠ ᠪᠠ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ | ᠬᠦᠴᠦᠯᠡᠨ ᠠᠬᠢᠭᠤᠯᠵᠤ᠂ ᠭᠠᠳᠠᠭᠠᠳᠤ ᠳᠤ ᠭᠠᠷᠭᠠᠵᠤ ᠪᠠᠶᠢᠭᠰᠠᠨ ᠢ ᠳᠣᠲᠣᠭᠠᠳᠤ ᠳᠤ ᠪᠠᠨ ᠪᠣᠷᠣᠯᠠᠭᠤᠯᠬᠤ ᠲᠡᠶᠢᠰᠢ | ᠰᠢᠯᠵᠢᠭᠦᠯᠬᠦ ᠵᠠᠮ ᠢ ᠰᠠᠭᠠᠳ ᠦᠭᠡᠢ ᠨᠠᠪᠲᠠᠷᠡᠭᠦᠯᠵᠦ᠂ ᠳᠣᠲᠣᠭᠠᠳᠤ ᠠᠷᠠᠯᠵᠢᠶ᠎ᠠ ᠪᠠ ᠭᠠᠳᠠᠭᠠᠳᠤ ᠠᠷᠠᠯᠵᠢᠶᠠᠨ ᠤ ᠨᠢᠭᠡ | ᠪᠦᠯᠦᠭ ᠰᠢᠯᠢᠳᠡᠭ ᠠᠵᠤ ᠠᠬᠤᠶᠢᠯᠠᠯ ᠢ ᠪᠤᠶᠢᠵᠢᠭᠤᠯᠤᠨ᠎ᠠ︔ ᠠᠵᠤ ᠠᠬᠤᠶᠢᠯᠠᠯ ᠳᠤ ᠬᠤᠯᠪᠣᠭᠳᠠᠬᠤ ᠬᠠᠤᠯᠢ | ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭᠠᠨ ᠢ ᠦᠷᠭᠦᠯᠵᠢᠯᠡᠨ ᠥᠷᠨᠢᠭᠦᠯᠵᠦ᠂ ᠵᠠᠬ᠎ᠠ ᠳᠡᠯᠭᠡᠭᠦᠷ ᠤᠨ | ᠨᠢᠭᠡᠳᠦᠯᠲᠡᠢ ᠪᠠᠶᠢᠬᠤ ᠳᠤ ᠠᠰᠢᠭᠲᠠᠢ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ᠂ ᠲᠤᠭ᠎ᠠ ᠪᠦᠷᠢᠳᠬᠡᠯ ᠤᠨ ᠲᠣᠭᠠᠴᠠᠭ᠎ᠠ | ᠬᠢᠬᠦ ᠳᠦᠷᠢᠮ ᠪᠠ ᠢᠲᠡᠭᠡᠮᠵᠢ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ︔ ᠺᠠᠳ᠋ᠷᠴᠤᠳ ᠢ ᠬᠥᠲᠥᠯᠥᠨ ᠵᠢᠯᠤᠭᠤᠳᠴᠤ | ᠪᠠᠶᠢᠭᠠᠳ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠣᠢ ᠪᠣᠯᠭᠠᠬᠤ ᠪᠥᠭᠡᠳ ᠲᠡᠭᠦᠨ ᠢ | ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠯᠭᠠᠨ ᠬᠢᠨᠠᠬᠤ ᠲᠣᠭᠲᠠᠯᠴᠠᠭ᠎ᠠ ᠪᠠ ᠺᠠᠳ᠋ᠷᠴᠤᠳ ᠤᠨ | ᠠᠵᠢᠯ ᠤᠨ ᠪᠦᠲᠦᠮᠵᠢ ᠶᠢ ᠰᠢᠯᠭᠠᠨ ᠬᠢᠨᠠᠵᠤ ᠦᠨᠡᠯᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ ᠭᠡᠵᠡᠢ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠲᠠᠯᠠᠢ ᠲᠠᠩᠭᠢᠰ ᠤᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ᠂ ᠰᠢᠨ᠎ᠡ ᠡᠭᠦᠳᠦᠯᠲᠡ ᠪᠠᠷ ᠬᠥᠳᠡᠯᠭᠡᠭᠦᠷ ᠪᠣᠯᠭᠠᠬᠤ᠂ ᠥᠨᠳᠥᠷ ᠪᠦᠲᠦᠮᠵᠢᠲᠡᠢ | ᠬᠠᠮᠵᠢᠯᠴᠠᠬᠤ᠂ ᠠᠵᠤ ᠦᠢᠯᠡᠰ ᠤᠨ ᠰᠢᠨᠡᠴᠢᠯᠡᠯᠲᠡ᠂ ᠬᠥᠮᠥᠨ ᠪᠠ ᠳᠠᠯᠠᠢ ᠲᠠᠩᠭᠢᠰ ᠤᠨ ᠡᠶ᠎ᠡ ᠵᠣᠬᠢᠴᠠᠯ᠂ ᠬᠠᠮᠲᠤᠷᠠᠯᠴᠠᠭ᠎ᠠ | ᠬᠢᠵᠦ ᠬᠠᠮᠲᠤ ᠪᠠᠷ ᠠᠰᠢᠭ ᠬᠦᠷᠳᠡᠬᠦ ᠵᠡᠷᠭᠡ ᠶᠢ ᠨᠡᠩ ᠴᠢᠬᠤᠯᠠᠴᠢᠯᠠᠨ᠎ᠠ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠲᠠᠯᠠᠢ ᠲᠠᠩᠭᠢᠰ ᠤᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ᠂ ᠦᠵᠦ ᠲᠥᠯᠥᠪᠯᠡᠭᠡ ᠶᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠪᠠᠷ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠲᠠᠯᠠᠢ ᠲᠠᠩᠭᠢᠰ ᠤᠨ ᠠᠵᠤ ᠠᠬᠤᠢ ᠶᠢᠨ ᠬᠥᠭᠵᠢᠯᠲᠡ ᠳᠤ ᠨᠡᠶᠢᠭᠡᠮ ᠤᠨ ᠬᠥᠭᠵᠢᠯᠲᠡ ᠶᠢᠨ | ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ ᠬᠥᠲᠥᠯᠥᠨ ᠵᠢᠯᠣᠭᠤᠳᠤᠨ᠎ᠠ᠃ ᠲᠠᠯᠠᠢ ᠲᠠᠩᠭᠢᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠳᠠᠬᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠲᠠᠯᠠᠢ ᠲᠠᠩᠭᠢᠰ ᠤᠨ | ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠷᠠᠭᠤᠯᠵᠤ᠂ ᠲᠠᠯᠠᠢ | ᠲᠠᠩᠭᠢᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠪᠠ ᠲᠤᠰᠬᠠᠢ ᠨᠠᠷᠢᠯᠢᠭ | ᠣᠨᠴᠠ ᠰᠢᠨ᠎ᠡ ᠪᠦᠬᠦᠢ ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠤᠨ ᠬᠥᠭᠵᠢᠭᠦᠯᠦᠨ᠎ᠡ᠃ ᠳᠠᠯᠠᠢ ᠲᠠᠩᠭᠢᠰ ᠤᠨ | ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠦᠨ ᠪᠤᠵᠠᠭᠠᠶᠢᠷᠠᠭᠤᠯᠵᠤ᠂ ᠳᠠᠯᠠᠢ ᠳᠡᠭᠡᠷᠡᠬᠢ ᠰᠠᠯᠬᠢᠨ ᠬᠦᠴᠦᠨ ᠤ | ᠴᠠᠬᠢᠯᠭᠠᠨ ᠤ ᠵᠢᠷᠤᠮᠵᠢᠭᠤᠨ ᠡᠮᠬᠢ ᠳᠢᠭᠯᠢᠮ ᠲᠠᠢ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠯᠤᠰ ᠳᠠᠯᠠᠢ ᠳᠤ | ᠣᠳᠣᠬᠢᠴᠢᠯᠠᠭᠰᠠᠨ ᠠᠩᠨᠠᠨ ᠱᠦᠭᠦᠬᠦ ᠶᠢ ᠬᠥᠭᠵᠢᠭᠦᠯᠵᠦ᠂ ᠳᠠᠯᠠᠢ ᠲᠠᠩᠭᠢᠰ ᠤᠨ ᠠᠮᠢᠳᠤ ᠪᠣᠳᠠᠰ ᠤᠨ ᠡᠮ ᠡᠮᠨᠡᠯᠭᠡ᠂ ᠠᠮᠢᠳᠤ | ᠪᠣᠳᠠᠰ ᠤᠨ ᠪᠦᠲᠦᠭᠡᠭᠳᠡᠬᠦᠨ ᠢ ᠬᠥᠭᠵᠢᠭᠦᠯᠵᠦ᠂ ᠳᠠᠯᠠᠢ ᠲᠠᠩᠭᠢᠰ ᠤᠨ ᠣᠨᠴᠠᠯᠢᠭᠲᠤ ᠰᠣᠶᠣᠯ ᠪᠠ ᠵᠢᠭᠤᠯᠴᠢᠯᠠᠯ ᠤᠨ | ᠬᠠᠷᠠᠯᠲᠠ ᠪᠣᠯᠬᠤ ᠣᠷᠣᠨ ᠢ ᠴᠣᠭᠴᠠᠯᠠᠵᠤ᠂ ᠳᠠᠯᠠᠢ ᠶᠢᠨ ᠲᠡᠭᠡᠭᠡᠪᠦᠷᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ᠃ ᠲᠠᠯᠠᠢ ᠶᠢᠨ ᠪᠤᠯᠤᠩ ᠤᠨ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ ᠰᠤᠳᠤᠯᠤᠯ ᠢ | ᠴᠢᠩᠭᠠᠳᠬᠠᠵᠤ᠂ ᠲᠠᠯᠠᠢ ᠳᠠᠭᠠᠤ ᠭᠠᠷᠠᠮ ᠤᠨ ᠪᠥᠭᠡᠮᠨᠡᠷᠡᠯ ᠢ ᠰᠢᠯᠢᠳᠡᠭᠵᠢᠭᠦᠯᠦᠨ ᠨᠡᠶᠢᠳᠬᠡᠬᠦ ᠠᠵᠢᠯ ᠢ ᠡᠮᠬᠢ ᠵᠢᠷᠤᠮ ᠲᠠᠢ ᠪᠠᠷ | ᠠᠬᠢᠭᠤᠯᠤᠨ᠎ᠠ᠃ ᠳᠠᠯᠠᠢ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ | ᠭᠤᠣᠯᠳᠠᠯᠭ᠎ᠠ ᠪᠣᠯᠬᠤ ᠳᠠᠯᠠᠢ ᠶᠢᠨ ᠣᠷᠣᠨ ᠳᠠᠬᠢ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠬᠡᠷᠡᠭᠵᠢᠭᠦᠯᠵᠦ᠂ | ᠳᠠᠯᠠᠢ ᠶᠢᠨ ᠣᠷᠣᠨ ᠢ ᠳᠠᠪᠬᠤᠷᠭ᠎ᠠ ᠬᠤᠪᠢᠶᠠᠨ ᠪᠣᠰᠤᠭ᠎ᠠ ᠴᠣᠭᠴᠠ ᠪᠠᠷ ᠠᠰᠢᠭᠯᠠᠬᠤ ᠶᠢ ᠢᠳᠡᠪᠬᠢᠲᠡᠢ ᠠᠬᠢᠭᠤᠯᠵᠤ᠂ ᠳᠠᠯᠠᠢ | ᠲᠠᠩᠭᠢᠰ ᠤᠨ ᠨᠡᠭᠦᠷᠡᠰᠦᠲᠥ᠋ᠷᠥᠭᠴᠢ ᠶᠢᠨ ᠬᠤᠷᠠᠮᠳᠤᠯ ᠳᠤ ᠲᠣᠭᠠᠴᠠᠭ᠎ᠠ ᠬᠢᠬᠦ ᠶᠢ ᠰᠦᠪᠡᠭᠴᠢᠯᠡᠨ ᠥᠷᠨᠢᠭᠦᠯᠦᠨ᠎ᠡ᠃ ᠪᠦᠬᠦ | ᠪᠥᠮᠪᠥᠷᠴᠡᠭ ᠤᠨ ᠳᠠᠯᠠᠢ ᠲᠠᠩᠭᠢᠰ ᠤᠨ ᠵᠠᠰᠠᠯᠲᠠ ᠳᠤ ᠭᠦᠨᠵᠡᠭᠡᠢ ᠣᠷᠣᠯᠴᠠᠵᠤ᠂ ᠪᠦᠬᠦ ᠪᠥᠮᠪᠥᠷᠴᠡᠭ ᠤᠨ ᠳᠠᠯᠠᠢ ᠲᠠᠩᠭᠢᠰ ᠤᠨ | ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠴᠠᠭᠠᠯᠲᠠ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠬᠥᠬᠡ ᠠᠵᠤ | ᠠᠬᠤᠢ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ ᠭᠡᠵᠡᠢ᠃ | ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠭᠡᠰᠢᠭᠦᠳ ᠲᠣᠰ ᠬᠤᠷᠠᠯᠳᠤᠭᠠᠨ ᠳᠤ ᠣᠷᠣᠯᠴᠠᠵᠤ᠂ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ | ᠬᠤᠷᠠᠯᠳᠤᠭᠠᠨ ᠳᠤ ᠰᠤᠯᠠ ᠣᠷᠣᠯᠴᠠᠪᠠ᠃ | | | |