ᠡᠬᠢᠯᠡᠯᠲᠡ ᠶᠢᠨ ᠴᠡᠭ ᠡᠴᠦᠰ ᠤᠨ ᠴᠡᠭ ᠪᠢᠰᠢ︕ ︽ᠳᠣᠣᠷ᠎ᠠ ᠢᠶᠠᠷ ᠣᠷᠣᠵᠤ ᠥᠨᠳᠥᠷ ᠢᠶᠠᠷ ᠭᠠᠷᠬᠤ︾ ᠨᠢ ᠪᠠᠶᠢᠳᠠᠯ ᠢ ᠡᠪᠳᠡᠬᠦ ᠨᠢᠭᠤᠴᠠ ᠺᠣᠳ᠋ ᠪᠣᠯᠵᠤ ᠬᠤᠪᠢᠷᠠᠯ᠎ᠠ
ᠨᠡᠶᠢᠲᠡᠯᠡᠭᠰᠡᠨ ᠴᠠᠭ᠄
2025/7/3
      ᠰᠤᠷᠤᠭᠴᠢ ᠶᠢᠨ ᠢᠷᠡᠯᠲᠡ ᠶᠢᠨ ᠰᠠᠭᠤᠷᠢ ᠪᠠᠭᠤᠷᠠᠶ᠂ ᠪᠠᠭᠰᠢ ᠶᠢᠨ ᠬᠦᠴᠦᠨ ᠬᠦᠷᠦᠯᠴᠡᠬᠦ ᠦᠭᠡᠢ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠳᠤᠲᠠᠮᠠᠭ ᠪᠠᠶᠢᠳᠠᠭ — ᠮᠠᠰᠢ ᠣᠯᠠᠨ ᠬᠥᠮᠦᠨ ᠤ ᠨᠢᠳᠦᠨ ᠳᠤ᠂ ᠬᠢᠯᠢ ᠬᠢᠵᠠᠭᠠᠷ ᠤᠨ ᠬᠤᠰᠢᠭᠤ ᠰᠢᠶᠠᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠢ ᠶᠡᠷᠦ ᠨᠢ ︽ᠰᠤᠷᠭᠠᠨ ᠬᠥᠮᠦᠵᠢᠯ ᠤᠨ ᠬᠤᠲᠣᠭᠤᠷ ᠭᠠᠵᠠᠷ︾ ᠲᠠᠢ ᠬᠤᠯᠪᠣᠭᠳᠠᠳᠠᠭ ᠪᠣᠯᠪᠠᠴᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠰᠦᠮ᠎ᠡ ᠶᠢᠨ ᠳᠤᠮᠳᠠᠳᠤ ᠰᠤᠷᠭᠠᠭᠤᠯᠢ ᠨᠢ ᠬᠠᠷᠢᠨ ᠯᠠᠪᠳᠠᠭᠤᠨ ᠪᠠᠲᠤᠲᠠᠶ ᠵᠢᠭᠠᠨ ᠰᠤᠷᠭᠠᠯᠲᠠ ᠪᠠ ᠭᠤᠶᠠᠴᠢ ᠥᠬᠡᠶ ᠬᠤᠪᠢ ᠨᠡᠮᠡᠷᠢ ᠪᠠᠷ ᠨᠢᠭᠡ ᠬᠤᠭᠤᠴᠠᠭᠠᠨ ᠤ ᠰᠤᠷᠤᠭᠴᠢᠳ ᠢ ᠬᠠᠪᠰᠤᠷᠤᠨ ᠬᠥᠮᠦᠨ ᠤ ᠠᠮᠢᠳᠤᠷᠠᠯ ᠤᠨ ᠥᠩᠭᠡ ᠭᠢᠯᠪᠠᠭ᠎ᠠ ᠪᠠᠨ ᠬᠤᠪᠢᠷᠠᠭᠤᠯᠵᠤ ᠪᠠᠶᠢᠨ᠎ᠠ᠃      ᠡᠨᠡ ᠵᠢᠯ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠵᠦ᠂ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠶᠢ ᠳᠠᠬᠢᠨᠲᠠ ᠲᠤᠰᠢᠶᠠᠪᠠ — ᠰᠤᠷᠭᠠᠭᠤᠯᠢ ᠳᠤ ᠣᠷᠣᠬᠤ ᠳᠤ ᠴᠥᠮ 380 ᠬᠤᠪᠢ ᠬᠦᠷᠦᠯᠴᠡᠬᠦ ᠥᠬᠡᠶ ᠰᠣᠷᠣᠭᠴᠢ ᠶᠢ ᠭᠤᠷᠪᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ 63.1% ᠶᠢᠨ ᠵᠢᠩᠬᠢᠨᠢ ᠠᠩᠭᠢ ᠳᠤ ᠳᠠᠪᠰᠢᠬᠤ ᠨᠣᠷᠮ᠎ᠠ ᠶᠢ ᠪᠡᠶᠡᠯᠡᠭᠦᠯᠵᠦ᠂ 2024 ᠣᠨ ᠲᠠᠢ ᠬᠠᠷᠢᠴᠠᠭᠤᠯᠪᠠᠯ 2.9 ᠵᠠᠭᠤᠨ ᠤ ᠴᠡᠭ ᠳᠡᠭᠡᠭᠰᠢᠯᠡᠵᠡᠶ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠳᠤᠮᠳᠠᠳᠤ ᠰᠤᠷᠭᠠᠭᠤᠯᠢ 1958 ᠣᠨ ᠳᠤ ᠪᠠᠶᠢᠭᠤᠯᠤᠭᠳᠠᠵᠤ᠂ ᠪᠤᠭᠤᠲᠤ ᠬᠤᠳᠠ ᠶᠢᠨ ᠴᠣᠷ ᠤᠨ ᠭᠠᠭᠴᠠ ᠰᠢᠶᠠᠨ ᠤ ᠬᠡᠪᠴᠢᠶᠡᠨ ᠤ ᠤᠯᠤᠰ ᠤᠨ ᠡᠭᠦᠳᠡᠨ ᠤ ᠥᠨᠳᠥᠷ ᠳᠤᠮᠳᠠᠳᠤ ᠪᠣᠯᠤᠨ᠎ᠠ᠃ 60 ᠭᠠᠷᠤᠢ ᠵᠢᠯ ᠤᠨ ᠰᠠᠯᠬᠢ ᠪᠣᠷᠣᠭᠠᠨ ᠢ ᠲᠤᠭᠤᠯᠵᠤ᠂ ︽ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠵᠦ᠂ ᠭᠠᠷᠮᠠᠭᠠᠢ ᠶᠢ ᠬᠥᠭᠡᠭᠡᠴᠡᠯᠳᠦᠬᠦ︾ ᠰᠤᠷᠭᠠᠭᠤᠯᠢ ᠡᠷᠬᠢᠯᠡᠬᠦ ᠵᠣᠷᠢᠯᠲᠠ ᠶᠢ ᠢᠮᠠᠭᠲᠠ ᠪᠠᠷᠢᠮᠲᠠᠯᠠᠵᠤ᠂ ᠶᠡᠭᠡ ᠬᠡᠮᠵᠢᠶᠡᠨ ᠤ ᠰᠢᠯᠢᠳᠡᠭ ᠴᠢᠳᠠᠪᠤᠷᠢᠲᠠᠨ ᠢ ᠬᠥᠮᠦᠵᠢᠭᠦᠯᠵᠡᠢ᠃ ᠤᠷᠢᠳ ᠬᠤᠵᠢᠳ ︽ᠤᠯᠤᠰ ᠤᠨ ᠲᠠᠰ ᠤᠨ ᠰᠤᠷᠭᠠᠭᠤᠯᠢ ᠶᠢᠨ ᠬᠥᠯ ᠪᠥᠮᠪᠦᠭᠡ ᠶᠢᠨ ᠤᠨᠴᠠᠯᠢᠭᠳᠤ ᠰᠤᠷᠭᠠᠭᠤᠯᠢ︾ ︽ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠰᠤᠷᠭᠠᠨ ᠬᠥᠮᠦᠵᠢᠯ ᠤᠨ ᠮᠡᠷᠭᠡᠵᠢᠯ ᠤᠨ ᠰᠢᠯᠢᠳᠡᠭ ᠰᠤᠷᠭᠠᠭᠤᠯᠢ︾ ︽ᠪᠤᠭᠤᠲᠤ ᠬᠤᠲᠠ ᠶᠢᠨ ᠪᠣᠯᠪᠠᠰᠤᠨ ᠤ ᠵᠢᠱᠢᠶᠡᠴᠢ ᠨᠢᠭᠡᠴᠢ︾ ᠵᠡᠷᠭᠡ ᠣᠯᠠᠨ ᠵᠦᠢᠯ ᠤᠨ ᠢᠷᠠᠭᠤ ᠠᠯᠳᠠᠷ ᠢ ᠭᠥᠷᠳᠡᠵᠦ᠂ ᠪᠤᠭᠤᠲᠤ ᠬᠤᠲᠠ ᠶᠢᠨ ᠵᠢᠱᠢᠶ᠎ᠡ ᠦᠵᠡᠭᠦᠯᠬᠦ ᠴᠢᠨᠠᠷᠲᠠᠶ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠣᠯᠤᠭᠰᠠᠨ ᠪᠠᠶᠢᠨ᠎ᠠ᠃ ᠤᠯᠤᠰ ᠤᠨ ᠲᠠᠰ ᠤᠨ ᠵᠢᠱᠢᠶᠡᠴᠢ ᠪᠠᠭᠰᠢ 1᠂ ᠰᠢᠯᠢᠳᠡᠭ ᠪᠠᠭᠰᠢ1 ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠭᠡᠨ ᠤ ᠳᠠᠭᠠᠭᠤᠯᠤᠭᠴᠢ 2᠂ ᠬᠤᠲᠠ ᠶᠢᠨ ᠲᠠᠰ ᠤᠨ ᠨᠠᠷᠠᠲᠤ ᠪᠠᠭᠰᠢ ᠵᠢᠴᠢ ᠭᠤᠤᠯᠯᠠᠭᠴᠢ ᠪᠠᠭᠰᠢ 50 ᠭᠠᠷᠤᠶ ᠪᠣᠶ᠃ ᠪᠠᠭᠰᠢ ᠶᠢᠨ ᠡᠩᠨᠡᠭᠡᠨ ᠳᠠᠬᠢ ᠠᠰᠫᠢᠷᠠᠨᠲ 13 ᠬᠦᠮᠦᠨ᠂ ᠳᠡᠭᠡᠳᠦ ᠵᠡᠷᠭᠡ ᠶᠢᠨ ᠪᠠᠭᠰᠢ 1 ᠬᠦᠮᠦᠨ᠂ ᠳᠡᠳ᠋ ᠳᠡᠭᠡᠳᠦ ᠵᠡᠷᠭᠡ ᠶᠢᠨ ᠪᠠᠭᠰᠢ 42 ᠬᠦᠮᠦᠨ᠂ ᠲᠤᠷᠰᠢᠯᠭ᠎ᠠ ᠪᠠ ᠠᠮᠢᠵᠢᠷᠠᠯ ᠤᠨ ᠬᠦᠴᠦᠨ ᠵᠡᠷᠭᠡ ᠪᠠᠷ ᠤᠷᠤᠰᠢᠬᠤ ᠪᠣᠯᠤᠨ᠎ᠠ᠃      ᠰᠤᠷᠤᠭᠴᠢ ᠶᠢᠨ ᠳᠡᠭᠡᠭᠰᠢᠯᠡᠯᠲᠡ ᠨᠢ ᠭᠡᠨᠡᠳᠲᠡ ᠶᠢᠨ ᠪᠢᠰᠢ᠃ ᠣᠶᠢᠷ᠎ᠠ ᠶᠢᠨ ᠵᠢᠯ ᠠᠴᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠰᠤᠷᠭᠠᠨ ᠬᠥᠮᠦᠵᠢᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠰᠤᠷᠭᠠᠭᠤᠯᠢ ᠡᠷᠬᠢᠯᠡᠬᠦ ᠨᠥᠬᠦᠴᠡᠯ ᠢᠶᠠᠨ ᠰᠠᠶᠢᠵᠢᠷᠠᠭᠤᠯᠬᠤ ᠶᠢᠨ ᠬᠠᠮᠲᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠠᠷ ᠵᠥᠪᠰᠢᠶᠡᠷᠡᠭᠦᠯᠦᠭᠡᠳ᠂ ᠪᠠᠲᠤᠬᠠᠭᠠᠯᠭ᠎ᠠ ᠰᠦᠮ᠎ᠡ ᠳᠤᠮᠳᠠᠳᠤ ᠰᠤᠷᠭᠠᠭᠤᠯᠢ ᠪᠣᠯᠤᠨ ᠪᠤᠭᠤᠲᠤ ᠬᠤᠳᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠭᠠᠳᠠᠭᠠᠳᠤ ᠬᠡᠯᠡᠨ ᠤ ᠰᠤᠷᠭᠠᠭᠤᠯᠢ᠂ ᠪᠤᠭᠤᠲᠤ ᠶᠢᠨ ᠶᠡᠷᠡᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠭᠤᠣᠯᠳᠠᠯᠭ᠎ᠠ ᠲᠠᠢ ᠳᠤᠮᠳᠠᠳᠤ ᠰᠤᠷᠭᠠᠭᠤᠯᠢ ᠯᠤᠭ᠎ᠠ ᠭᠦᠨᠵᠡᠭᠡᠢ ᠬᠠᠮᠲᠤᠷᠠᠯᠴᠠᠵᠤ᠂ ᠵᠢᠯ ᠪᠦᠷᠢ ᠥᠨᠳᠥᠷ ᠳᠤᠮᠳᠠᠳᠤ ᠶᠢᠨ ᠬᠤᠶᠠᠳᠤᠭᠠᠷ ᠣᠨ ᠤ ᠰᠤᠷᠤᠯᠭ᠎ᠠ ᠶᠢᠨ ᠬᠤᠭᠤᠴᠠᠭᠠᠨ ᠳᠤ 5 % ᠶᠢᠨ ᠰᠢᠯᠢᠳᠡᠭ ᠰᠤᠷᠤᠭᠴᠢ ᠶᠢ ᠰᠣᠩᠭᠤᠨ ᠨᠡᠷᠡᠲᠦ ᠰᠤᠷᠭᠠᠭᠤᠯᠢ ᠳᠤ ᠣᠴᠢᠭᠤᠯᠵᠤ ᠨᠠᠶᠢᠳᠠᠨ ᠪᠣᠯᠪᠠᠰᠤᠷᠠᠭᠤᠯᠵᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠳ᠋ᠯᠡᠭᠦᠯᠵᠦ᠂ ᠰᠢᠯᠢᠳᠡᠭ ᠰᠤᠷᠤᠭᠴᠢᠳ ᠤᠨ ᠲᠡᠷᠢᠭᠦᠨ ᠤ ᠶᠡᠭᠡ ᠳᠡᠭᠡᠳᠦ ᠰᠤᠷᠭᠠᠭᠤᠯᠢ ᠳᠤ ᠰᠢᠪᠲᠤᠯᠤᠯᠲᠠ ᠬᠢᠬᠦ ᠳᠤ ᠬᠦᠴᠦᠨ ᠨᠡᠮᠡᠷᠢᠯᠡᠨ᠎ᠡ᠃ ᠡᠭᠦᠨ ᠤ ᠬᠠᠮᠲᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠪᠤᠭᠤᠲᠤ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠤᠷᠭᠠᠭᠤᠯᠢ ᠲᠠᠢ ᠬᠤᠷᠰᠢᠵᠤ᠂ ᠰᠤᠷᠤᠭᠴᠢᠳ ᠲᠤ ᠣᠯᠠᠨ ᠡᠰᠢᠲᠦ ᠰᠤᠷᠭᠠᠭᠤᠯᠢ ᠳᠡᠪᠰᠢᠬᠦ ᠵᠠᠮ ᠬᠠᠩᠭᠠᠵᠤ ᠦᠭᠴᠡᠢ᠃ ᠡᠭᠦᠨ ᠤ ᠬᠠᠮᠲᠤ ︽ᠤᠷᠢᠳᠠᠪᠠᠷ ᠰᠤᠷᠤᠯᠴᠠᠵᠤ ᠳᠠᠷᠠᠭ᠎ᠠ ᠨᠢ ᠵᠢᠭᠠᠨ ᠰᠤᠷᠭᠠᠬᠤ᠂ ᠰᠤᠷᠤᠯᠴᠠᠬᠤ ᠪᠠᠷ ᠵᠢᠭᠠᠨ ᠰᠤᠷᠭᠠᠬᠤ᠂ ᠠᠪᠢᠶᠠᠰ ᠲᠤ ᠨᠢ ᠲᠣᠬᠢᠷᠠᠭᠤᠯᠤᠨ ᠵᠢᠭᠠᠨ ᠰᠤᠷᠭᠠᠬᠤ᠂ ᠨᠠᠷᠢᠯᠢᠭ ᠤᠨᠤᠪᠴᠢᠲᠠᠢ ᠪᠠᠷ ᠵᠢᠭᠠᠨ ᠰᠤᠷᠭᠠᠬᠤ︾ ᠪᠠᠷ ᠭᠤᠣᠯ ᠪᠣᠯᠭᠠᠵᠤ᠂ ︽ᠭᠤᠷᠪᠠᠨ ᠱᠠᠲᠤ ᠲᠠᠪᠤᠨ ᠬᠡᠮ︾ ᠤᠨ ᠬᠢᠴᠢᠶᠡᠯ ᠤᠨ ᠲᠠᠩᠬᠢᠮ ᠤᠨ ᠰᠢᠰᠲ᠋ᠧᠮ ︵ᠤᠷᠢᠳᠴᠢᠯᠠᠨ ᠰᠤᠷᠤᠯᠴᠠᠬᠤ — ᠰᠤᠳᠤᠯᠬᠤ — ᠥᠷᠭᠡᠳᠬᠡᠬᠦ — ᠥᠷᠭᠡᠳᠬᠡᠬᠦ ᠬᠠᠷᠠᠯᠲᠠ — ᠠᠭᠤᠯᠭ᠎ᠠ—ᠠᠷᠭ᠎ᠠ — ᠦᠨᠡᠯᠡᠯᠲᠡ — ᠡᠷᠭᠢᠴᠡᠭᠦᠯᠬᠦ︶ ᠢ ᠪᠠᠶᠢᠭᠤᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠪᠢᠶᠠᠰ ᠲᠤ ᠨᠢ ᠲᠤᠬᠢᠷᠠᠭᠤᠯᠤᠨ ᠵᠢᠭᠠᠨ ᠰᠤᠷᠭᠠᠵᠤ᠂ ᠰᠤᠷᠭᠠᠨ ᠬᠥᠮᠦᠵᠢᠯ ᠢ ᠦᠨᠡᠨ ᠬᠦ ︽ᠦᠨᠳᠦᠰᠦᠯᠡᠭᠦᠯᠵᠦ︾ ᠪᠠᠶᠢᠨ᠎ᠠ᠃      ᠭᠤᠷᠪᠠᠨ ᠵᠢᠯ ᠤᠨ ᠡᠮᠦᠨ᠎ᠡ 282 ᠬᠤᠪᠢ ᠶᠢᠨ ᠬᠢᠷᠢ ᠪᠦᠲᠦᠮᠵᠢ ᠪᠠᠷ ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ ᠳᠤ ᠣᠷᠣᠵᠤ᠂ ᠭᠤᠷᠪᠠᠨ ᠵᠢᠯ ᠤᠨ ᠳᠠᠷᠠᠭ᠎ᠠ 450 ᠬᠤᠪᠢ ᠶᠢᠨ ᠬᠢᠷᠢ ᠪᠦᠲᠦᠮᠵᠢ ᠪᠠᠷ ᠲᠡᠭᠦᠰᠦᠭᠰᠡᠨ ᠾᠧ ᠸᠧᠶ ᠶᠤᠸᠠᠨ᠄ ︽ᠪᠢ ᠪᠡᠶ᠎ᠡ ᠶᠢᠨ ᠲᠠᠮᠢᠷ ᠤᠨ ᠣᠨᠴᠠ ᠴᠢᠳᠠᠪᠤᠷᠢ ᠶᠢᠨ ᠰᠣᠷᠣᠭᠴᠢ ᠠᠴᠠ ᠶᠡᠭᠡ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠶᠡᠷᠦᠩᠬᠡᠶ ᠬᠤᠪᠢ 450 ᠬᠤᠪᠢ ᠬᠥᠷᠲᠡᠯᠡᠬᠢ ᠡᠨᠡ ᠬᠦ ᠥᠩᠭᠡᠷᠡᠯᠲᠡ ᠨᠢ ᠨᠠᠳᠠ ᠳᠤ ᠭᠦᠨ ᠭᠦᠨᠵᠡᠭᠡᠶ ᠣᠶᠢᠯᠠᠭᠠᠯᠲᠠ ᠣᠯᠭᠤᠵᠠᠢ᠃ ᠥᠨᠳᠥᠷ ᠭᠤᠷᠪᠠ ᠶᠢᠨ ᠰᠢᠪᠲᠤᠯᠤᠯᠲᠠ ᠶᠢᠨ ᠱᠠᠲᠤᠨ ᠠᠴᠠ ᠡᠮᠦᠨ᠎ᠡ᠂ ᠪᠢ ᠪᠣᠯᠪᠠᠰᠤᠷᠠᠯ ᠤᠨ ᠳᠤᠮᠳᠠ ᠪᠠᠨ ᠰᠢᠷᠬᠠᠳᠤᠭᠰᠠᠨ ᠠᠴᠠ ᠪᠣᠯᠵᠤ ᠬᠢᠷᠢ ᠪᠦᠲᠦᠮᠵᠢ ᠪᠠᠭᠤᠷᠠᠵᠠᠢ᠂ ᠲᠤᠬᠠᠢ ᠶᠢᠨ ᠣᠢᠶ᠎ᠠ ᠳᠤ ᠮᠠᠰᠢ ᠰᠦᠢᠷᠡᠪᠡ ᠂ ᠭᠡᠪᠡᠴᠦ ᠳᠠᠰᠬᠠᠯᠵᠢᠭᠤᠯᠤᠭᠴᠢ ᠶᠢᠨ ᠨᠢᠭᠡ ᠦᠭᠡ ︽ᠭᠦᠶᠦᠬᠦ ᠦᠶᠡᠰ ᠣᠶᠢᠴᠢᠪᠠᠯ᠂ ᠵᠥᠪᠬᠡᠨ ᠪᠣᠰᠴᠤ ᠦᠷᠭᠦᠯᠵᠢᠯᠡᠨ ᠰᠢᠪᠲᠤᠯᠤᠯᠲᠠ ᠬᠢᠪᠡᠯ ᠰᠠᠶ᠋ᠢ ᠢᠯᠠᠵᠤ ᠴᠢᠳᠠᠨ᠎ᠠ︾ ᠭᠡᠵᠦ ᠨᠠᠮ᠎ᠠ ᠶᠢ ᠰᠡᠷᠭᠦᠭᠡᠪᠡ᠃ ᠬᠤᠵᠢᠮ ᠨᠢ ᠪᠠᠭᠰᠢ ᠶᠢᠨ ᠬᠠᠪᠰᠤᠷᠤᠯᠭ᠎ᠠ ᠪᠠᠷ ᠬᠠᠮᠲᠤ ᠰᠤᠷᠤᠭᠴᠢᠳ ᠬᠠᠷᠢᠯᠴᠠᠨ ᠵᠣᠷᠢᠭᠵᠢᠭᠤᠯᠤᠯ ᠢᠶᠠᠷ᠂ ᠰᠡᠳᠬᠢᠯ ᠰᠠᠨᠠᠭ᠎ᠠ ᠪᠠᠨ ᠲᠣᠭᠲᠠᠪᠤᠷᠢᠵᠢᠭᠤᠯᠪᠠ᠃ ᠣᠳᠣ ᠡᠨᠡ ᠭᠤᠷᠪᠠᠨ ᠵᠢᠯ ᠢ ᠡᠷᠭᠢᠴᠡᠭᠦᠯᠪᠡᠯ᠂ ᠰᠤᠷᠭᠠᠭᠤᠯᠢ ᠪᠠᠭᠰᠢ ᠶᠢᠨ ᠵᠢᠭᠠᠨ ᠵᠢᠯᠤᠭᠤᠳᠤᠯᠭ᠎ᠠ᠂ ᠬᠠᠮᠲᠤ ᠰᠤᠷᠤᠭᠴᠢᠳ ᠤᠨ ᠬᠠᠪᠰᠤᠷᠤᠯᠭ᠎ᠠ᠂ ᠭᠡᠷ ᠤᠨ ᠬᠥᠮᠦᠰ ᠤᠨ ᠳᠡᠮᠵᠢᠯᠭᠡ ᠳᠤ ᠮᠠᠰᠢ ᠲᠠᠯᠠᠷᠬᠠᠵᠤ ᠪᠠᠶᠢᠨ᠎ᠠ᠃ ᠡᠨᠡ ᠬᠡᠰᠡᠭ ᠥᠩᠭᠡᠷᠡᠯᠲᠡ ᠨᠢ ᠨᠠᠳᠠ ᠳᠤ  ᠬᠦᠮᠦᠨ ᠤ ᠠᠮᠢᠳᠤᠷᠠᠯ ᠳᠤ ᠲᠦᠳᠡ ᠵᠠᠮ ᠪᠠᠶᠢᠬᠤ ᠦᠭᠡᠢ᠂ ᠭᠡᠪᠡᠴᠦ ᠥᠪᠡᠷ ᠤᠨ ᠪᠡᠶ᠎ᠡ ᠳᠡᠭᠡᠨ ᠲᠣᠬᠢᠷᠠᠬᠤ ᠵᠠᠮ ᠢᠶᠠᠨ ᠣᠯᠵᠤ ᠰᠢᠳᠦ ᠵᠠᠭᠤᠨ ᠪᠠᠷᠢᠮᠲᠠᠯᠠᠪᠠᠯ᠂ ᠬᠥᠮᠦᠨ ᠪᠣᠯᠭᠠᠨ ᠴᠥᠮ ᠰᠥᠷᠭᠡᠦ ᠳᠠᠭᠠᠷᠢᠯᠲᠠ ᠶᠢ ᠪᠡᠶᠡᠯᠡᠭᠦᠯᠵᠦ ᠴᠢᠳᠠᠨ᠎ᠠ ᠭᠡᠳᠡᠭ ᠢ ᠣᠶᠢᠯᠠᠭᠠᠭᠤᠯᠤᠭᠰᠠᠨ ᠶᠤᠮ︕      ᠠᠳᠠᠯᠢᠬᠠᠨ ᠬᠢᠷᠢ ᠪᠦᠲᠦᠮᠵᠢ ᠨᠢ 416 ᠬᠤᠪᠢ ᠠᠴᠠ 509 ᠬᠤᠪᠢ  ᠪᠠᠷ ᠲᠡᠭᠦᠰᠦᠭᠰᠡᠨ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢ ᠯᠢ ᠰᠢᠨ ᠿᠦᠢ᠄ ︽ᠰᠠᠶ᠋ᠢᠬᠠᠨ ᠡᠬᠢᠯᠡᠬᠦ ᠦᠶ᠎ᠡ ᠳᠤ ᠮᠢᠨᠤ ᠰᠠᠭᠤᠷᠢ ᠲᠡᠶᠢᠮᠦ ᠰᠠᠶᠢᠨ ᠪᠢᠰᠢ᠂ ᠦᠷᠭᠦᠯᠵᠢ ᠡᠯ᠎ᠡ  ᠬᠢᠴᠢᠶᠡᠯ ᠲᠦᠷᠦᠯ ᠤᠨ ᠪᠠᠭᠰᠢ ᠠᠴᠠ ᠠᠰᠠᠭᠤᠨ ᠰᠤᠷᠠᠵᠤ᠂ ᠪᠠᠭᠰᠢ ᠨᠠᠷ ᠮᠢᠨᠦ ᠰᠤᠷᠤᠯᠴᠠᠯᠭ᠎ᠠ ᠳᠤ ᠮᠠᠰᠢ ᠶᠡᠭᠡ ᠳᠡᠮᠵᠢᠯᠭᠡ ᠪᠠ ᠬᠠᠪᠰᠤᠷᠤᠯᠭ᠎ᠠ ᠦᠵᠡᠭᠦᠯᠵᠡᠶ᠃ ᠮᠢᠨᠤ ᠭᠤᠷᠪᠠᠨ ᠵᠢᠯ ᠤᠨ ᠳᠤᠮᠳᠠᠬᠢ ᠰᠤᠷᠤᠯᠴᠠᠯᠭ᠎ᠠ ᠳᠡᠭᠡᠷ᠎ᠡ ᠰᠢᠪᠲᠤᠯᠤᠯᠲᠠ ᠶᠢᠨ ᠴᠢᠨᠠᠷᠲᠠᠶ ᠳᠠᠪᠰᠢᠯᠲᠠ ᠣᠯᠭᠤᠵᠤ᠂ ᠰᠤᠷᠭᠠᠭᠤᠯᠢ ᠪᠠ ᠪᠠᠭᠰᠢ ᠶᠢᠨ ᠬᠥᠮᠦᠵᠢᠭᠦᠯᠦᠯ ᠳᠤ ᠲᠠᠯᠠᠷᠬᠠᠵᠤ ᠪᠠᠶᠢᠨ᠎ᠠ᠂ ᠬᠡᠷ ᠤᠨ ᠠᠬᠠᠮᠠᠳ ᠤᠨ ᠳᠡᠮᠵᠢᠯᠭᠡ ᠪᠠ ᠥᠪᠡᠷ ᠢ ᠪᠠᠨ ᠲᠠᠶᠠᠭᠳᠠᠭᠰᠠᠨ ᠥᠬᠡᠶ ᠳᠠᠭᠠᠨ ᠴᠤ ᠲᠠᠯᠠᠷᠬᠠᠵᠤ ᠪᠠᠶᠢᠨ᠎ᠠ︾ ᠭᠡᠵᠡᠶ᠃ ᠬᠡᠦᠬᠡᠳ ᠤᠨ ᠢᠶᠠᠨ ᠣᠯᠤᠭᠰᠠᠨ ᠠᠮᠵᠢᠯᠲᠠ ᠪᠦᠲᠦᠮᠵᠢ ᠶᠢᠨ ᠲᠤᠬᠠᠶ ᠯᠢ ᠰᠢᠨ ᠿᠦᠢ ᠶᠢᠨ ᠡᠵᠢ᠄ ︽ᠡᠨᠡ ᠭᠤᠷᠪᠠᠨ ᠵᠢᠯ ᠤᠨ ᠲᠤᠷᠰᠢ ᠬᠡᠤᠬᠡᠳ ᠰᠤᠷᠭᠠᠭᠤᠯᠢ ᠳᠤ ᠰᠠᠭᠤᠵᠤ᠂ ᠡᠶᠢᠮᠦ ᠰᠠᠶᠢᠨ ᠬᠢᠷᠢ ᠪᠦᠲᠦᠮᠵᠢ ᠣᠯᠵᠤ ᠳᠡᠶᠢᠯᠬᠦ ᠨᠢ ᠬᠡᠤᠬᠡᠳ ᠤᠨ ᠥᠪᠡᠷ ᠤᠨ ᠴᠢᠷᠮᠠᠶᠢᠯᠭ᠎ᠠ ᠠᠴᠠ ᠰᠠᠯᠵᠤ ᠴᠢᠳᠠᠬᠤ ᠥᠬᠡᠶ᠂ ᠨᠠᠩ ᠴᠤ ᠰᠤᠷᠭᠠᠭᠤᠯᠢ ᠪᠠ ᠪᠠᠭᠰᠢ ᠶᠢᠨ ᠬᠥᠮᠦᠵᠢᠭᠦᠯᠦᠯ ᠠᠴᠠ ᠰᠠᠯᠵᠤ ᠴᠢᠳᠠᠬᠤ ᠥᠬᠡᠶ᠂ ᠪᠢᠳᠡ ᠬᠡᠷ ᠤᠨ ᠠᠬᠠᠮᠠᠳ ᠪᠣᠯᠤᠭᠰᠠᠨ ᠤ ᠬᠤᠪᠢ ᠪᠠᠷ ᠪᠠᠭᠰᠢ ᠳᠤ ᠮᠠᠰᠢ ᠲᠠᠯᠠᠷᠬᠠᠵᠤ ᠪᠠᠶᠢᠨ᠎ᠠ᠂ ᠰᠤᠷᠭᠠᠭᠤᠯᠢ ᠳᠤ ᠮᠠᠰᠢ ᠲᠠᠯᠠᠷᠬᠠᠵᠤ ᠪᠠᠶᠢᠨ᠎ᠠ︾ ᠭᠡᠵᠡᠶ᠃      ︽ᠬᠤᠪᠢ ᠳᠤ ᠥᠨᠳᠥᠷ ᠳᠣᠣᠷ᠎ᠠ ᠪᠠᠶᠢᠳᠠᠭ᠂ ᠬᠥᠮᠥᠨ ᠤ ᠠᠮᠢᠳᠤᠷᠠᠯ ᠳᠤ ᠥᠨᠳᠥᠷ ᠳᠣᠣᠷ᠎ᠠ ᠪᠠᠶᠢᠳᠠᠭ ᠦᠭᠡᠢ︾ ᠡᠨᠡ ᠬᠦ ᠠᠮᠵᠢᠯᠲᠠ ᠶᠢᠨ ᠠᠷᠤ ᠳᠤ  ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠷᠢᠨ ᠳᠤ ᠲᠠᠯᠪᠢᠭᠰᠠᠨ ᠤ ᠢᠯᠡᠷᠡᠯ ᠮᠥᠨ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠠ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠦᠴᠦᠲᠡᠶ ᠳᠡᠮᠵᠢᠯᠭᠡ ᠶᠢᠨ ᠦᠷ᠎ᠡ ᠳ᠋ᠦᠩ ᠮᠥᠨ᠂ ᠵᠠᠭᠤᠨ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠠᠵᠢᠯᠲᠠᠨ ᠤ ᠣᠶᠤᠨ ᠤᠬᠠᠭᠠᠨ ᠪᠠ ᠪᠠᠲᠤ ᠰᠠᠬᠢᠯ ᠮᠥᠨ᠂ ᠳᠠᠷᠬᠠᠨ ᠮᠤᠤᠮᠢᠩᠭᠠᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠦᠭᠰᠡᠨ ᠦᠢᠯᠡᠳᠦᠯᠭᠡ ᠮᠥᠨ᠂ ᠨᠠᠩ ᠴᠤ ᠲᠤᠭ᠎ᠠ ᠲᠣᠮᠰᠢ ᠥᠬᠡᠶ ᠣᠯᠠᠨ ᠰᠤᠷᠤᠭᠴᠢᠳ ᠤᠨ ᠬᠤᠪᠢ ᠵᠠᠶᠠᠭ᠎ᠠ ᠳᠠᠭᠠᠨ ᠬᠠᠯᠠᠰᠢᠷᠠᠬᠤ ᠥᠬᠡᠶ ᠪᠠᠷ ᠡᠷᠡᠯᠬᠡᠭᠯᠡᠨ ᠲᠡᠮᠡᠴᠡᠭᠰᠡᠨ ᠬᠤᠷᠢᠶᠠᠩᠭᠤᠶ ᠳᠦᠷᠰᠦ ᠮᠥᠨ᠃ ᠡᠲᠡᠭᠡᠷ ᠠᠮᠵᠢᠯᠲᠠ ᠪᠦᠲᠦᠮᠵᠢ ᠨᠢ ᠰᠤᠷᠤᠭᠴᠢᠳ ᠤᠨ ᠬᠤᠪᠢ ᠵᠠᠶᠠᠭ᠎ᠠ ᠶᠢ ᠬᠤᠪᠢᠷᠠᠭᠤᠯᠤᠭᠰᠠᠨ ᠢᠶᠠᠷ ᠪᠠᠷᠠᠬᠤ ᠦᠭᠡᠢ᠂ ᠬᠢᠯᠢ ᠬᠢᠵᠠᠭᠠᠷ ᠤᠨ ᠰᠤᠷᠭᠠᠨ ᠬᠥᠮᠦᠵᠢᠯ ᠤᠨ ᠢᠲᠡᠭᠡᠯ ᠢ ᠨᠠᠩ ᠢᠯᠡᠭᠦᠤ ᠱᠤᠭᠤᠵᠠᠢ᠃ ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ ᠶᠢᠨ ᠰᠥᠷᠭᠡᠦ ᠳᠠᠭᠠᠷᠢᠯᠲᠠ ᠨᠢ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠨᠢ ᠲᠥᠬᠦᠮ ᠡᠬᠢ ᠪᠠᠶᠠᠯᠢᠭ ᠤᠨ ᠳᠤᠮᠳᠠᠴᠢ ᠬᠤᠪᠢᠶᠠᠷᠢᠯᠠᠯᠲᠠ ᠪᠢᠰᠢ᠂ ᠬᠠᠷᠢᠨ ᠬᠡᠤᠬᠡᠳ ᠨᠢᠭᠡᠪᠦᠷᠢ ᠳᠤ ᠴᠥᠮ ᠲᠣᠰ ᠪᠡᠶ᠎ᠡ ᠶᠢᠨ ᠬᠥᠭᠵᠢᠯᠲᠡ ᠳᠤ ᠳᠣᠭᠢᠷᠠᠬᠤ ᠲᠣᠬᠢᠶᠠᠯ ᠣᠯᠭᠤᠬᠤ ᠬᠡᠷᠡᠭᠲᠡᠶ ᠭᠡᠳᠡᠭ ᠢ ᠭᠡᠷᠡᠴᠢᠯᠡᠵᠡᠶ᠃      ᠡᠨᠡ ᠬᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠲᠤ ᠬᠠᠷᠢᠶᠠᠯᠠᠭᠳᠠᠬᠤ ᠦᠯᠢᠭᠡᠷ ᠨᠢ ᠨᠢᠭᠡ ᠪᠦᠯᠦᠭ ᠲᠤᠭ᠎ᠠ ᠪᠠᠷᠢᠮᠲᠠ ᠶᠢᠨ ᠲᠠᠪᠰᠢᠯᠳᠠ ᠪᠣᠯᠬᠤ ᠪᠠᠷ ᠪᠠᠷᠠᠬᠤ ᠦᠭᠡᠢ᠂ ᠨᠡᠩ ᠴᠤ ᠪᠠᠷᠢᠮᠲᠠᠯᠠᠬᠤ᠂ ᠲᠡᠮᠡᠴᠡᠬᠦ ᠪᠠ ᠬᠦᠰᠡᠯ ᠡᠷᠡᠮᠡᠯᠵᠡᠯ ᠤᠨ ᠲᠤᠬᠠᠢ ᠮᠠᠭᠲᠠᠭᠠᠯ ᠳᠠᠭᠤᠤ ᠪᠣᠯᠤᠨ᠎ᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠳᠤᠮᠳᠠᠳᠤ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ᠂ ᠰᠤᠷᠭᠠᠭᠤᠯᠢ ᠶᠢᠨ ᠵᠠᠬᠢᠷᠤᠯ ᠰᠢᠤᠢ ᠵᠢᠶᠦ᠋ᠨ᠄ ︽ᠡᠨᠡ ᠵᠢᠯ ᠤᠨ ᠶᠡᠭᠡ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ 2022 ᠣᠨ ᠤ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠶᠢᠨ 50 ᠬᠤᠪᠢ ᠠᠴᠠ ᠳᠡᠭᠡᠭᠰᠢ ᠳᠡᠭᠡᠭᠰᠢᠯᠡᠭᠰᠡᠨ ᠰᠤᠷᠤᠭᠴᠢ ᠨᠡᠶᠢᠲᠡ 49 ᠪᠠᠶᠢᠵᠤ᠂ 100 ᠬᠤᠪᠢ ᠠᠴᠠ ᠳᠡᠭᠡᠭᠰᠢ ᠳᠡᠭᠡᠭᠰᠢᠯᠡᠭᠰᠡᠨ ᠰᠤᠷᠤᠭᠴᠢ ᠨᠡᠶᠢᠲᠡ 11 ᠪᠣᠶ᠃ ᠪᠤᠭᠤᠲᠤ ᠬᠤᠲᠠ ᠶᠢᠨ ᠴᠣᠷ ᠤᠨ ᠭᠠᠭᠴᠠ ᠰᠢᠶᠠᠨ ᠤ ᠬᠡᠪᠴᠢᠶᠡᠨ ᠤ ᠤᠯᠤᠰ ᠤᠨ ᠡᠭᠦᠳᠡᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠣᠯᠤᠭᠰᠠᠨ ᠤ ᠬᠤᠪᠢ ᠳᠤ᠂ ᠲᠠᠷᠠᠭᠠᠴᠢ ᠶᠢᠨ ᠠᠯᠬᠤᠮ ᠳᠤ ᠰᠣᠷᠣᠭᠴᠢ ᠡᠯᠰᠡᠬᠦ ᠠᠵᠢᠯ ᠢ ᠪᠣᠳᠠᠲᠠᠶ ᠰᠠᠶᠢᠲᠤᠷ ᠠᠳᠬᠤᠨ᠎ᠠ᠃ ︿ᠭᠤᠷᠪᠠ ᠶᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ﹀ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ︔ ᠰᠤᠷᠭᠠᠨ ᠬᠥᠮᠦᠵᠢᠯ ᠤᠨ ᠶᠠᠮᠤᠨ 2025 ᠣᠨ ᠳᠤ ︿ᠤᠯᠤᠰ ᠤᠨ ᠰᠢᠶᠠᠨ ᠤ ᠳᠤᠮᠳᠠᠳᠤ ᠰᠤᠷᠭᠠᠭᠤᠯᠢ ᠶᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠲᠥᠯᠥᠪᠯᠡᠭᠡ﹀ ᠭᠡᠬᠦ ᠡᠨᠡ ᠬᠦ ᠲᠡᠦᠬᠡᠲᠦ ᠴᠢᠨᠠᠷᠲᠠᠶ ᠠᠵᠠ ᠲᠣᠬᠢᠶᠠᠯ ᠢ ᠡᠵᠡᠮᠳᠡᠨ᠎ᠡ︔ ᠤᠷᠢᠵᠤ ᠬᠡᠷᠡᠭᠯᠡᠬᠦ ᠬᠤᠲᠠ ᠶᠢᠨ ᠲᠣᠭᠤᠷᠢᠭ ᠤᠨ ᠰᠢᠯᠢᠳᠡᠭ ᠰᠤᠷᠭᠠᠭᠤᠯᠢ ᠶᠢᠨ ᠵᠠᠬᠢᠷᠤᠯ ᠪᠠ ᠰᠤᠷᠭᠠᠨ ᠬᠥᠮᠦᠵᠢᠯ ᠢ ᠳᠡᠮᠵᠢᠬᠦ ᠪᠠᠭᠰᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠤᠯᠤᠰ ᠤᠨ ︿ᠰᠢᠯᠢᠳᠡᠭ ᠪᠠᠭᠰᠢ ᠶᠢᠨ ᠲᠥᠯᠥᠪᠯᠡᠭᠡ﹀ ᠶᠢ ᠰᠠᠶᠢᠲᠤᠷ ᠬᠡᠷᠡᠭᠯᠡᠵᠦ᠂ ︿985﹀ ︿211﹀ ᠠᠴᠠ ᠲᠡᠭᠦᠰᠦᠭᠰᠡᠳ ᠵᠢᠴᠢ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢ ᠶᠢ ᠣᠷᠣᠭᠤᠯᠤᠨ ᠠᠪᠴᠢᠷᠠᠵᠤ ᠪᠠᠭᠰᠢ ᠶᠢᠨ ᠡᠩᠨᠡᠭᠡ ᠶᠢ ᠲᠡᠭᠦᠯᠳᠡᠷᠵᠢᠭᠦᠯᠦᠨ᠎ᠡ᠃ ᠪᠤᠭᠤᠲᠤ ᠬᠤᠲᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠭᠠᠳᠠᠭᠠᠳᠤ ᠬᠡᠯᠡᠨ ᠤ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠵᠤ᠂ ᠠᠩᠭ᠍ᠯᠢ ᠬᠡᠯᠡᠨ ᠤ ᠰᠢᠯᠢᠳᠡᠭ ᠰᠤᠷᠤᠭᠴᠢ ᠶᠢ ᠨᠠᠶᠢᠳᠠᠨ ᠬᠥᠮᠦᠵᠢᠭᠦᠯᠵᠦ᠂ ︿ᠨᠠᠷᠠᠲᠤ ᠰᠤᠷᠭᠠᠭᠤᠯᠢ +﹀ ᠶᠢᠨ ᠬᠠᠮᠵᠢᠯᠴᠠᠨ ᠬᠠᠮᠲᠤᠪᠠᠷ ᠤᠷᠤᠭᠰᠢᠯᠠᠬᠤ ᠦᠢᠯᠡᠳᠦᠯ ᠢ ᠪᠡᠶᠡᠯᠡᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠪᠦᠬᠦ ᠲᠠᠯ᠎ᠠ ᠪᠠᠷ ᠪᠢᠲᠡᠭᠦᠮᠵᠢᠯᠡᠭᠰᠡᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ᠂ ᠲᠤᠰᠬᠠᠶ ᠰᠣᠷᠣᠭᠴᠢ ᠡᠯᠰᠡᠬᠦ ᠲᠥᠯᠥᠪᠯᠡᠭᠡ᠂ ᠰᠢᠯᠢᠳᠡᠭ ᠢ ᠪᠤᠶᠢᠵᠢᠭᠤᠯᠬᠤ ᠢᠨᠵᠧᠨᠧᠷᠢᠩ ᠵᠡᠷᠭᠡ ᠶᠢ ᠬᠡᠷᠡᠭᠵᠢᠭᠦᠯᠵᠦ᠂ ᠰᠣᠷᠣᠭᠴᠢ ᠡᠯᠰᠡᠬᠦ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠪᠠ᠃︾
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号