ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠡᠷᠭᠡ ᠶᠢᠰᠦᠨ ᠰᠠᠯᠠᠭ᠎ᠠ ᠮᠥᠴᠢᠷ | ︽ᠬᠤᠪᠢ ᠶᠢᠨ ᠦᠢᠯᠡᠳᠪᠦᠷᠢ ᠬᠤᠳᠠᠯᠳᠤᠬᠠᠨ ᠤ ᠡᠷᠦᠭᠡ ᠶᠢ ᠠᠵᠤ ᠠᠬᠤᠶᠢᠯᠠᠯ ᠪᠣᠯᠬᠠᠨ ᠬᠤᠪᠢᠷᠠᠭᠤᠯᠬᠤ ᠶᠢ ᠥᠨᠳᠥᠷ | ᠪᠦᠲᠦᠮᠵᠢᠲᠡᠢ ᠪᠠᠷ ᠭᠦᠢᠴᠡᠳᠬᠡᠬᠦ ᠶᠢ ᠠᠬᠢᠭᠤᠯᠬᠤ ︿ᠨᠢᠭᠡ ᠠᠵᠢᠯ ᠶᠠᠪᠤᠳᠠᠯ﹀ ᠢ ᠪᠤᠵᠠᠬᠠᠶᠢᠷᠠᠭᠤᠯᠤᠨ ᠪᠣᠶᠢᠵᠢᠭᠤᠯᠵᠤ | ᠬᠠᠪᠰᠤᠷᠤᠨ ᠲᠡᠳᠬᠦᠬᠦ ᠡᠷᠴᠢᠮ ᠢ ᠴᠢᠩᠬᠠᠷᠠᠭᠤᠯᠬᠤ ᠲᠤᠬᠠᠢ ᠵᠢᠯᠤᠭᠤᠳᠬᠤ ᠰᠠᠨᠠᠯ︾ ᠢ ᠨᠡᠶᠢᠲᠡᠯᠡᠵᠦ᠂ ︽ᠬᠤᠪᠢ ᠶᠢᠨ | ᠦᠢᠯᠡᠳᠪᠦᠷᠢ ᠬᠤᠳᠠᠯᠳᠤᠬᠠᠨ ᠤ ᠡᠷᠦᠬᠡ ᠶᠢ ᠠᠵᠤ ᠠᠬᠤᠶᠢᠯᠠᠯ ᠪᠣᠯᠬᠠᠨ ᠬᠤᠪᠢᠷᠠᠭᠤᠯᠬᠤ︾ ᠶᠢ ᠭᠦᠢᠴᠡᠳᠬᠡᠬᠦ | ᠴᠤᠪᠤᠷᠠᠯ ᠢ ᠰᠢᠯᠢᠳᠡᠭᠵᠢᠭᠦᠯᠵᠦ᠂ ᠬᠤᠪᠢ ᠶᠢᠨ ᠦᠢᠯᠡᠳᠪᠦᠷᠢ ᠬᠤᠳᠠᠯᠳᠤᠬᠠᠨ ᠤ ᠡᠷᠦᠭᠡ ᠶᠢᠨ ᠬᠡᠯᠪᠡᠷᠢ ᠶᠢ | ᠬᠤᠪᠢᠷᠠᠭᠤᠯᠤᠨ ᠲᠡᠰ ᠳᠡᠪᠰᠢᠭᠦᠯᠬᠦ᠂ ᠪᠤᠵᠠᠬᠠᠶᠢᠷᠠᠭᠤᠯᠤᠨ ᠬᠦᠴᠦᠷᠬᠡᠭᠵᠢᠭᠦᠯᠬᠦ ᠶᠢ ᠲᠡᠮᠵᠢᠪᠡ᠃ | ︽ᠵᠢᠯᠤᠭᠤᠳᠬᠤ ᠰᠠᠨᠠᠯ︾ ᠳᠤ᠂ ︽ᠬᠤᠪᠢ ᠶᠢᠨ ᠦᠢᠯᠡᠳᠪᠦᠷᠢ ᠬᠤᠳᠠᠯᠳᠤᠬᠠᠨ ᠤ ᠡᠷᠦᠬᠡ ᠶᠢ ᠠᠵᠤ ᠠᠬᠤᠶᠢᠯᠠᠯ | ᠪᠣᠯᠬᠠᠨ ᠬᠤᠪᠢᠷᠠᠭᠤᠯᠬᠤ︾ ᠳᠤ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ | ᠵᠦᠢᠯᠡᠰ ᠢ ᠦᠷᠭᠦᠯᠵᠢᠯᠡᠨ ᠭᠦᠢᠴᠡᠳᠬᠡᠬᠦ ᠶᠢ ᠪᠡᠶᠡᠯᠡᠭᠦᠯᠵᠦ᠂ ᠭᠠᠶᠢᠯᠢ ᠳᠤ ᠬᠤᠯᠪᠣᠭᠳᠠᠬᠤ ᠮᠡᠳᠡᠭᠡ ᠵᠠᠩᠭᠢ ᠶᠢ | ᠬᠠᠮᠲᠤ ᠪᠠᠷ ᠡᠳ᠋ᠯᠡᠬᠦ ᠶᠢ ᠴᠢᠩᠬᠠᠳᠬᠠᠨ᠂ ᠬᠤᠯᠪᠣᠭᠳᠠᠯ ᠪᠦᠬᠦᠢ ᠵᠠᠰᠠᠭ ᠵᠠᠬᠢᠷᠬᠠᠨ ᠤ ᠵᠥᠪᠰᠢᠶᠡᠷᠡᠯ ᠢ | ᠦᠷᠭᠦᠯᠵᠢᠯᠡᠭᠦᠯᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠬᠠᠳᠬᠠᠨ᠎ᠠ ᠭᠡᠵᠦ ᠲᠣᠳᠣᠷᠬᠠᠢ ᠲᠣᠭᠲᠠᠬᠠᠵᠠᠢ᠃ | ︽ᠵᠢᠯᠤᠭᠤᠳᠬᠤ ᠰᠠᠨᠠᠯ︾ ᠳᠤ᠂ ᠬᠤᠪᠢ ᠶᠢᠨ ᠦᠢᠯᠡᠳᠪᠦᠷᠢ ᠬᠤᠳᠠᠯᠳᠤᠬᠠᠨ ᠤ ᠡᠷᠦᠬᠡ ᠬᠡᠯᠪᠡᠷᠢ ᠪᠠᠨ ᠰᠢᠭᠤᠳ | ᠬᠤᠪᠢᠷᠠᠭᠤᠯᠬᠤ ᠪᠠᠷ ᠳᠠᠮᠵᠢᠭᠤᠯᠤᠨ ᠠᠵᠤ ᠠᠬᠤᠶᠢᠯᠠᠯ ᠪᠣᠯᠬᠠᠬᠤ ᠳᠤ ᠭᠦᠷᠪᠡᠯ᠂ ᠬᠤᠪᠢᠷᠠᠭᠤᠯᠬᠤ ᠳᠠᠩᠰᠠᠯᠠᠯᠲᠠ | ᠬᠢᠯᠭᠡᠬᠦ ᠪᠠᠷ ᠭᠤᠶᠤᠴᠢᠯᠠᠬᠤ ᠳᠤ ᠪᠠᠨ ᠭᠠᠶᠢᠯᠢ ᠶᠢᠨ ᠶᠠᠪᠤᠳᠠᠯ᠂ ᠠᠯᠪᠠᠨ ᠲᠠᠮᠠᠭ᠎ᠠ ᠰᠡᠶᠢᠯᠬᠦ᠂ ᠨᠡᠶᠢᠭᠡᠮ ᠤᠨ | ᠳᠠᠬᠠᠳᠬᠠᠯ ᠤᠨ ᠳᠠᠩᠰᠠᠯᠠᠯᠲᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ | ᠲᠤᠰᠢᠶᠠᠨ ᠬᠠᠳᠠᠬᠠᠯᠠᠭᠤᠯᠬᠤ ᠳᠠᠩᠰᠠᠯᠠᠯᠲᠠ᠂ ᠦᠨᠳᠦᠰᠦᠨ ᠲᠠᠩᠰᠠᠨ ᠡᠷᠦᠬᠡ ᠪᠠᠶᠢᠭᠤᠯᠵᠤ ᠬᠤᠪᠢᠷᠠᠭᠤᠯᠬᠤ ᠵᠡᠷᠭᠡ | ᠵᠦᠢᠯᠡᠰ ᠢ ᠵᠡᠷᠭᠡ ᠳᠤ ᠨᠢ ᠭᠦᠢᠴᠡᠳᠬᠡᠵᠦ᠂ ᠤᠷᠢᠳᠴᠢᠯᠠᠨ ᠪᠠᠶᠢᠴᠠᠬᠠᠬᠤ ᠦᠢᠯᠡᠴᠢᠯᠡᠭᠡ ᠬᠠᠩᠬᠠᠬᠤ ᠶᠢ | ᠵᠣᠷᠢᠭᠵᠢᠭᠤᠯᠤᠨ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠬᠠᠳᠬᠠᠵᠤ᠂ ᠠᠵᠤ ᠠᠬᠤᠶᠢᠯᠠᠯ ᠤᠨ ᠠᠵᠢᠯ | ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠦᠨ᠎ᠡ ᠭᠡᠵᠦ ᠲᠣᠳᠣᠷᠬᠠᠢ ᠲᠣᠭᠲᠠᠬᠠᠪᠠ᠃ | ︽ᠵᠢᠯᠤᠭᠤᠳᠬᠤ ᠰᠠᠨᠠᠯ︾ ᠢ ᠦᠨᠳᠦᠰᠦᠯᠡᠪᠡᠯ᠂ ︽ᠬᠤᠪᠢ ᠶᠢᠨ ᠦᠢᠯᠡᠳᠪᠦᠷᠢ ᠬᠤᠳᠠᠯᠳᠤᠬᠠᠨ ᠤ ᠡᠷᠦᠬᠡ ᠶᠢ | ᠠᠵᠤ ᠠᠬᠤᠶᠢᠯᠠᠯ ᠪᠣᠯᠬᠠᠨ ᠬᠤᠪᠢᠷᠠᠭᠤᠯᠬᠤ︾ ᠶᠢ ᠳᠠᠩᠰᠠᠯᠠᠭᠤᠯᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠵᠠᠰᠠᠭ | ᠵᠠᠬᠢᠷᠬᠠᠨ ᠤ ᠵᠥᠪᠰᠢᠶᠡᠷᠡᠯ ᠤᠨ ᠰᠠᠯᠠᠭ᠎ᠠ ᠮᠥᠴᠢᠷ ᠭᠠᠷ ᠭᠦᠢᠴᠡᠳᠬᠡᠯ ᠢ ᠳᠥᠭᠦᠮᠴᠢᠯᠡᠵᠦ᠂ ᠤᠤᠯ ᠤᠨ ᠬᠦᠴᠦᠨ | ᠪᠦᠬᠦᠢ ᠵᠥᠪᠰᠢᠶᠡᠷᠡᠯ ᠢ ᠬᠠᠮᠤᠭ ᠤᠨ ᠶᠡᠭᠡ ᠬᠡᠮᠵᠢᠶ᠎ᠡ ᠪᠠᠷ ᠦᠷᠭᠦᠯᠵᠢᠯᠡᠭᠦᠯᠦᠨ᠎ᠡ᠃ ᠨᠥᠬᠦᠴᠡᠯ ᠳᠤ ᠨᠡᠶᠢᠴᠡᠬᠦ ᠠᠵᠤ | ᠦᠢᠯᠡᠳᠪᠦᠷᠢ ᠶᠢᠨ ᠪᠦᠲᠦᠭᠡᠭᠳᠡᠬᠦᠨ ᠤ ᠦᠢᠯᠡᠳᠪᠦᠷᠢᠯᠡᠯ᠂ ᠢᠳᠡᠭᠡᠨ ᠤ ᠦᠢᠯᠡᠳᠪᠦᠷᠢᠯᠡᠯ ᠡᠵᠡᠩᠨᠡᠯᠲᠡ᠂ ᠨᠠᠪᠴᠢᠨ | ᠲᠠᠮᠠᠬᠢ ᠶᠢ ᠲᠤᠰᠬᠠᠢ ᠬᠤᠳᠠᠯᠳᠤᠬᠤ᠂ ᠵᠠᠰᠠᠮᠠᠯ ᠵᠠᠮ ᠤᠨ ᠡᠩ ᠤᠨ ᠪᠠᠷᠠᠬᠠᠨ ᠤ ᠲᠡᠭᠡᠭᠡᠪᠦᠷᠢ ᠵᠡᠷᠭᠡ ᠶᠢᠨ ᠵᠠᠰᠠᠭ | ᠵᠠᠬᠢᠷᠬᠠᠨ ᠤ ᠵᠥᠪᠰᠢᠶᠡᠷᠡᠯ ᠢ ᠦᠷᠭᠦᠯᠵᠢᠯᠡᠭᠦᠯᠵᠦ᠂ ᠬᠡᠯᠪᠡᠷᠢ ᠪᠠᠨ ᠬᠤᠪᠢᠷᠠᠭᠤᠯᠤᠭᠰᠠᠨ ᠤ ᠳᠠᠷᠠᠬᠠᠬᠢ ᠠᠵᠤ | ᠠᠬᠤᠶᠢᠯᠠᠯ ᠳᠤ ᠬᠠᠤᠯᠢ ᠶᠣᠰᠣᠬᠠᠷ ᠳᠥᠭᠦᠮ ᠳᠥᠲᠡ ᠦᠢᠯᠡᠴᠢᠯᠡᠭᠡ ᠬᠠᠩᠬᠠᠨ᠎ᠠ᠃ |