ᠳᠣᠮᠳᠠᠳᠤ ᠤᠯᠤᠰ ᠤᠨ ᠡᠪ ᠬᠠᠮᠳᠤ, ᠨᠠᠮ ᠪᠠᠶᠢᠭᠤᠯᠤᠭᠳᠠᠭᠰᠠᠨ104 ᠵᠢᠯ ᠤᠨ ᠣᠢ ᠳᠤ ᠵᠣᠷᠢᠭᠤᠯᠵᠤ᠂ | ᠪᠢᠳᠡ ᠥᠪᠡᠷ ᠤᠨ ᠠᠵᠢᠯ ᠤᠨ ᠪᠠᠶᠢᠷᠢᠨ ᠳᠡᠭᠡᠷ᠎ᠡ ᠪᠠᠨ ᠢᠳᠡᠭᠡᠯ ᠳᠦᠭᠦᠷᠡᠩ ᠠᠵᠢᠯᠯᠠᠵᠤ᠂ ᠪᠥᠬᠦ ᠰᠡᠳᠬᠢᠯ ᠪᠥᠬᠦ | ᠵᠣᠷᠢᠭ ᠢᠶᠠᠷ ᠢᠶᠠᠨ ᠠᠷᠠᠳ ᠳᠥᠮᠡᠨ ᠤ ᠪᠠᠨ ᠳᠥᠯᠦᠭᠡ ᠦᠢᠯᠡᠴᠢᠯᠡᠵᠤ᠂ ᠥᠪᠡᠷ ᠤᠨ ᠬᠦᠴᠦᠨ ᠨᠡᠮᠡᠷᠢ ᠪᠠᠨ | ᠡᠷᠭᠦᠵᠥ ᠶᠠᠪᠤᠭ᠎ᠠ ᠡᠪ ᠬᠠᠮᠳᠥ ᠨᠠᠮ ᠤᠨ ᠬᠡᠰᠢᠭᠦᠨ ᠭᠠᠪᠤᠷᠴᠡᠴᠡᠭ ᠢ ᠰᠣᠷᠪᠤᠯᠵᠢᠯᠡᠯᠡ᠃ | ᠭᠠᠪᠤᠷᠴᠡᠴᠡᠭ᠂ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠪᠠᠶ᠋ᠬᠠᠤᠪᠤᠭ᠎ᠠ ᠰᠣᠮᠤᠨ ᠤ ᠪᠠᠶᠠᠠᠬᠤᠸᠠ | ᠭᠠᠴᠠᠭᠠᠨ ᠳᠤ ᠨᠤᠳᠤᠭᠲᠠᠢ᠃ 2011 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠳᠤ | ᠣᠷᠤᠵᠤ᠂ ᠪᠤᠭᠤᠳᠤ ᠬᠤᠳᠠ ᠶᠢᠨ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠳᠥᠯᠦᠭᠡᠯᠡᠭᠴᠢ᠂ ᠣᠳᠤ ᠳᠠᠷᠬᠠᠨ | ᠮᠤᠤᠮᠢᠩᠭᠠᠨ ᠬᠤᠯᠪᠤᠭᠠᠳᠤ ᠬᠤᠰᠢᠭᠤᠨ ᠤ ᠪᠠᠶ᠋ᠬᠠᠤᠪᠤᠭ᠎ᠠ ᠰᠣᠮᠤᠨ ᠤ ᠪᠠᠶᠠᠠᠬᠤᠸᠠ ᠭᠠᠴᠠᠭᠠᠨ ᠤ ᠨᠡᠮ ᠤᠨ ᠡᠭᠦᠷ | ᠤᠨ ᠬᠡᠰᠢᠭᠦᠨ ᠪᠥᠭᠡᠳ ᠭᠠᠴᠠᠭᠠᠨ ᠤ ᠵᠥᠪᠯᠡᠯ ᠤᠨ ᠬᠡᠰᠢᠭᠦᠨ ᠤ ᠳᠤᠰᠢᠶᠠᠯ ᠢ ᠬᠠᠷᠢᠭᠤᠴᠠᠵᠤ ᠪᠤᠢ᠃2021 ᠣᠨ | ᠳᠤ ᠪᠣᠭᠤᠳᠤ ᠬᠤᠳᠠ ᠶᠢᠨ ᠰᠢᠯᠢᠳᠡᠭ ᠡᠪ ᠬᠠᠮᠳᠤ ᠨᠠᠮ ᠤᠨ ᠬᠡᠰᠢᠭᠦᠨ ᠢᠶᠠᠷ ᠦᠨᠡᠯᠡᠭᠳᠡᠵᠤ᠂2024 ᠣᠨ ᠳᠤ | ᠥᠪᠦᠷ ᠮᠤᠩᠭᠤᠯ ᠤᠨ ᠥᠪᠡᠷᠳᠡᠭᠡᠨ ᠵᠠᠰᠠᠬᠤ ᠣᠷᠤᠨ ᠤ ︽ᠰᠢᠯᠢᠳᠡᠭ ᠡᠪ ᠬᠠᠮᠳᠤ ᠨᠠᠮ ᠤᠨ ᠬᠡᠰᠢᠭᠦᠨ︾ ᠤ | ᠢᠷᠠᠭᠤ ᠠᠯᠳᠠᠷ ᠢ ᠬᠦᠷᠳᠡᠪᠡ᠃ | ᠲᠠᠷᠡ ᠰᠤᠷᠭᠠᠭᠤᠯᠢ ᠳᠡᠭᠦᠰᠦᠮᠡᠭᠴᠡ ᠨᠣᠳᠤᠭ ᠲᠤ ᠪᠠᠨ ᠪᠤᠴᠠᠵᠤ᠂ ᠭᠠᠴᠠᠭᠠᠨ ᠵᠥᠪᠯᠡᠯ ᠤᠨ ᠠᠵᠢᠯ ᠳᠤ | ᠣᠷᠤᠯᠴᠠᠵᠤ᠂ ᠵᠠᠯᠠᠭᠤ ᠨᠠᠰᠤᠨ ᠤ ᠪᠠᠨ ᠣᠷᠬᠢᠯᠣᠮ᠎ᠠ ᠬᠠᠯᠠᠭᠤᠨ ᠰᠡᠳᠬᠢᠯᠭᠡ ᠪᠠᠷ ᠢᠶᠠᠨ ᠪᠥᠬᠦ ᠰᠡᠳᠬᠢᠯ ᠪᠥᠬᠦ | ᠵᠣᠷᠢᠭ ᠢᠶᠠᠷ ᠠᠷᠠᠳ ᠳᠥᠮᠡᠨ ᠳᠤ ᠪᠠᠨ ᠦᠢᠯᠡᠴᠢᠯᠡᠵᠦ᠂ ᠠᠵᠢᠯ ᠳᠤ ᠪᠠᠨ ᠭᠠᠷᠮᠠᠭᠠᠢ᠂ ᠨᠠᠮ ᠳᠤ ᠪᠠᠨ ᠦᠨᠡᠨᠴᠢ᠂ | ᠤᠭ ᠰᠠᠨᠠᠭ᠎ᠠ ᠪᠠᠨ ᠥᠯᠦ ᠮᠠᠷᠳᠠᠨ ᠣᠯᠠᠨ ᠰᠠᠶᠢᠨ ᠳᠤᠷ᠎ᠠ ᠶᠢᠨ ᠠᠵᠢᠯᠯᠠᠭ᠎ᠠ ᠳᠤ ᠣᠷᠤᠯᠴᠠᠵᠤ᠂ ᠥᠪᠡᠷ ᠤᠨ | ᠬᠤᠪᠢ ᠨᠡᠮᠡᠷᠢ ᠪᠠᠨ ᠦᠵᠡᠭᠦᠯᠥᠭᠰᠡᠭᠡᠷ ᠢᠷᠡᠵᠡᠢ᠃ | ᠳᠡᠭᠦᠨ ᠶᠢ ᠰᠣᠷᠪᠤᠯᠵᠢᠯᠠᠬᠤ ᠳᠤ᠂ ︽ᠠᠷᠠᠳ ᠳᠥᠮᠡᠨ ᠤ ᠪᠠᠨ ᠳᠤᠮᠳᠠ ᠠᠴᠠ ᠢᠷᠡᠵᠥ᠂ ᠠᠷᠠᠳ ᠲᠥᠮᠡᠨ | ᠳᠤ ᠪᠠᠨ ᠦᠢᠯᠡᠴᠢᠯᠡᠨ᠎ᠡ ᠭᠡᠳᠡᠭ ᠢᠶᠠᠷ ᠪᠢ ᠮᠠᠯᠴᠢᠨ ᠳᠥᠮᠡᠨ ᠤ ᠪᠠᠨ ᠡᠷᠬᠢᠨ ᠳᠣᠭᠤᠷᠢᠨ ᠢᠶᠠᠷ ᠯᠡ ᠠᠵᠢᠯᠯᠠᠳᠠᠭ︾ | ᠭᠡᠵᠥ ᠥᠪᠡᠷ ᠤᠨ ᠬᠢᠭᠰᠡᠨ ᠳᠡᠷᠡ ᠣᠯᠠᠨ ᠠᠵᠢᠯ ᠦᠢᠯᠡ ᠪᠠᠨ ᠤᠴᠢᠷᠲᠠᠶᠢᠬᠠᠨ ᠳ᠋ᠦᠩᠨᠡᠨ ᠶᠠᠷᠢᠵᠤ᠂ ︽ᠮᠢᠨᠤ ᠡᠵᠢ | ᠭᠤᠷᠪᠠᠨ ᠮᠢᠩᠭᠠᠨ ᠥᠨᠦᠴᠢᠨ ᠬᠡᠦᠬᠡᠳ ᠤᠨ ᠨᠢᠭᠡ᠂ ᠪᠢ ᠡᠵᠢ ᠶᠢᠨ ᠢᠶᠠᠨ ᠬᠠᠶᠢᠷ᠎ᠠ ᠳᠤ ᠬᠥᠮᠦᠵᠢᠭᠳᠡᠨ᠂ ᠤᠯᠤᠰ | ᠤᠨ ᠬᠡᠦᠬᠡᠳ ᠤᠳ ᠤᠨ ᠶᠡᠭᠡ ᠬᠠᠶᠢᠷ᠎ᠠ ᠶᠢᠨ ᠦᠯᠢᠭᠡᠷ ᠢ ᠰᠣᠨᠤᠰᠴᠤ ᠥᠰᠦᠭᠰᠡᠨ ᠪᠤᠯᠬᠤᠷ᠂ ᠬᠠᠶᠢᠷ᠎ᠠ ᠬᠢᠭᠡᠳ | ᠬᠠᠷᠢᠭᠤᠴᠠᠯᠭ᠎ᠠ ᠶᠢ ᠰᠡᠳᠬᠢᠯ ᠤᠨ ᠤᠭ ᠠᠴᠠ ᠪᠠᠨ ᠮᠡᠳᠡᠷᠡᠵᠤ᠂ ᠥᠪᠡᠷ ᠤᠨ ᠠᠵᠢᠯ ᠢᠶᠠᠨ ᠨᠡᠩ ᠬᠠᠷᠢᠭᠤᠴᠠᠯᠭ᠎ᠠ | ᠲᠠᠢ ᠬᠢᠵᠥ᠂ ᠮᠠᠯᠴᠢᠨ ᠲᠥᠮᠡᠨ ᠤ ᠪᠠᠨ ᠰᠠᠶᠢᠨ ᠬᠠᠪᠰᠣᠷᠣᠭᠴᠢ ᠨᠢ ᠪᠣᠯᠣᠶ᠎ᠠ ᠭᠡᠵᠥ ᠴᠢᠷᠮᠠᠶᠢᠵᠤ ᠶᠠᠪᠤᠳᠠᠭ︾ ᠬᠡᠮᠡᠨ | ᠡᠭᠡᠯ ᠪᠣᠷᠤᠭᠵᠢᠭᠤᠨ ᠮᠥᠷᠳᠡᠭᠡᠨ ᠯᠠᠪᠳᠠᠭᠤᠨ ᠪᠠᠳᠤᠲᠠᠢ ᠣᠷᠤᠭᠰᠢᠯᠠᠵᠤ ᠪᠤᠢ ᠨᠢᠭᠡᠨ ᠡᠪ ᠬᠠᠮᠳᠤ ᠨᠠᠮ ᠤᠨ ᠬᠡᠰᠢᠭᠦᠨ | ᠤ ᠰᠢᠯᠢᠳᠡᠭ ᠣᠪᠤᠷ ᠰᠤᠷᠳᠠᠯ ᠢ ᠢᠯᠡᠷᠡᠭᠦᠯᠵᠤ ᠪᠠᠶᠢᠯ᠎ᠠ᠃ | ᠠᠷᠠᠳ ᠣᠯᠠᠨ ᠤ ᠪᠠᠨ ᠵᠣᠯ ᠵᠢᠷᠭᠠᠯ ᠤᠨ ᠳᠥᠯᠦᠭᠡ ᠳᠡᠮᠡᠴᠠᠵᠤ᠂ ᠮᠠᠯᠴᠢᠨ ᠳᠥᠮᠡᠨ ᠤ ᠪᠠᠨ ᠪᠣᠳᠤᠵᠤ | ᠪᠠᠶᠢᠬᠤ᠂ ᠰᠠᠨᠠᠭᠠᠰᠢᠷᠠᠵᠤ ᠪᠠᠶᠢᠬᠤ ᠠᠰᠠᠭᠤᠳᠠᠯ ᠢ ᠰᠢᠢᠳᠪᠦᠷᠢᠯᠡᠵᠤ᠂ ᠥᠪᠡᠷ ᠤᠨ ᠰᠣᠷᠣᠯᠴᠠᠯᠭ᠎ᠠ ᠦᠢᠯᠡᠳᠦᠯᠭᠡ ᠪᠠᠷ | ᠢᠶᠠᠨ ᠨᠠᠮ ᠤᠨ ᠵᠣᠷᠢᠭ ᠰᠠᠨᠠᠭ᠎ᠠ ᠶᠢ ᠵᠠᠯᠭᠠᠮᠵᠢᠯᠠᠵᠤ᠂ ᠠᠭᠤᠤ ᠶᠡᠭᠡ ᠨᠡᠮ ᠪᠠᠶᠢᠭᠤᠯᠤᠭᠳᠠᠭᠰᠠᠨ ᠵᠤᠷᠢᠭ ᠰᠠᠨᠠᠭ᠎ᠠ ᠶᠢ | ᠪᠠᠳᠠᠷᠠᠭᠤᠯᠵᠤ᠂ ︽ᠥᠷᠦᠭᠡᠯ ᠢ ᠳᠣᠰᠠᠯᠠᠬᠤ ᠪᠠᠷ ᠥᠪᠡᠷ ᠤᠨ ᠵᠢᠷᠭᠠᠯ ᠢᠶᠠᠨ ᠪᠤᠯᠭᠠᠳᠠᠭ︾ ᠭᠡᠳᠡᠭ ᠳᠡᠭᠦᠨ ᠤ | ᠢᠳᠡᠭᠡᠯ ᠵᠣᠷᠢᠭ᠂ ︽ᠮᠠᠯᠴᠢᠳ ᠨᠡᠮᠡ ᠶᠢ ᠢᠳᠡᠭᠡᠵᠥ᠂ ᠨᠡᠮᠡ ᠶᠢ ᠳᠡᠮᠵᠢᠭᠦ ᠨᠢ ᠮᠢᠨᠤ ᠠᠮᠢᠳᠤᠷᠠᠯ ᠤᠨ ᠤᠳᠬ᠎ᠠ | ᠠᠭᠤᠯᠭ᠎ᠠ ᠪᠢᠯᠡ︾ ᠬᠡᠮᠡᠨ ᠪᠠᠷᠢᠮᠳᠠᠯᠠᠯ ᠨᠢ ᠳᠣᠮᠳᠠᠳᠣ ᠤᠯᠤᠰ ᠤᠨ ᠥᠷᠭᠡᠨ ᠣᠯᠠᠨ ᠨᠠᠮ ᠤᠨ ᠬᠡᠰᠢᠭᠦᠳ ᠤᠨ | ᠵᠢᠷᠤᠭᠯᠠᠯ ᠪᠤᠯᠬᠤ, ᠶᠤᠮ᠃ |