6 ᠳ᠋ᠤᠭᠠᠷ ᠰᠠᠷ᠎ᠠ ᠶᠢᠨ 26 ᠤ ᠡᠳᠦᠷ᠂ ︽ᠲᠣᠰᠬᠤᠨ ᠤ ᠳᠠᠭᠤᠤ ᠬᠠᠩᠭᠢᠨᠠᠮ᠎ᠠ ᠰᠠᠶᠢᠬᠠᠨ︾ 2025 | ᠥᠪᠥᠷ ᠮᠣᠩᠭᠤᠯ ᠤᠨ ᠲᠣᠰᠬᠤᠨ ᠤ ᠳᠠᠭᠤᠤ ᠬᠥᠭᠵᠢᠮ ᠤᠨ ᠶᠡᠭᠡ ᠤᠷᠤᠯᠳᠤᠭᠠᠨ ᠤ ᠲᠠᠪᠴᠠᠩ ᠨᠢ ᠤᠯᠠᠭᠠᠨᠴᠠᠪ ᠤᠨ | ᠰᠤᠮᠤᠨ ᠠᠭᠤᠯᠠ ᠶᠢᠨ ᠤᠳᠬ᠎ᠠ ᠤᠷᠠᠯᠢᠭ ᠤᠨ ᠵᠢᠵᠢᠭ ᠪᠠᠯᠭᠠᠰᠤᠨ ᠳᠤ ᠡᠬᠢᠯᠡᠨ ᠳᠠᠭᠤᠯᠠᠪᠠ᠃ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠲᠠᠨᠢᠯᠴᠠᠭᠤᠯᠤᠨ᠂ ᠪᠢᠳᠡᠨ ᠤ | ᠬᠤᠰᠢᠭᠤᠨ ᠠᠴᠠ ᠢᠷᠡᠭᠰᠡᠨ ᠳᠠᠭᠤᠴᠢᠨ ᠱᠣᠤ ᠯᠢᠶᠠᠨ ᠵᠢᠶᠦ᠋ᠨ ︽ᠪᠢᠳᠡᠨ ᠤ ᠲᠤᠤ ᠮᠠ ᠭᠸᠤ︾ ᠭᠡᠬᠦ ᠳᠠᠭᠤᠤ ᠶᠢ | ᠠᠰᠢᠭᠯᠠᠨ᠂ ᠥᠪᠥᠷ ᠮᠣᠩᠭᠤᠯ ᠤᠨ ᠲᠣᠰᠬᠤᠨ ᠤ ᠳᠠᠭᠤᠤ ᠶᠢᠨ ᠶᠡᠷᠦᠩᠬᠡᠶ ᠤᠷᠤᠯᠳᠤᠭᠠᠨ ᠤ ᠭᠤᠷᠪᠠᠳᠤᠭᠠᠷ | ᠨᠡᠷᠡᠰ ᠤᠨ ᠬᠢᠷᠢ ᠪᠦᠲᠦᠮᠵᠢ ᠪᠠᠷ ᠴᠣᠯᠭᠤᠷᠠᠨ ᠭᠠᠷᠤᠭᠰᠠᠨ ᠪᠥᠭᠡᠳ ︽ᠬᠠᠮᠤᠭ ᠤᠨ ᠭᠤᠶᠣ ᠮᠠᠯᠴᠢᠨ ᠲᠠᠷᠢᠶᠠᠴᠢᠨ | ᠳᠠᠭᠤᠴᠢᠨ︾ ᠪᠣᠯᠵᠣ᠂ ᠨᠤᠲᠤᠭ ᠤᠰᠤᠨ ᠳᠠᠭᠠᠨ ᠢᠷᠠᠭᠤ ᠠᠯᠳᠠᠷ ᠣᠯᠭᠤᠪᠠ᠃ | ᠲᠤᠰ ᠤᠳᠠᠭᠠᠨ ᠤ ᠤᠷᠤᠯᠳᠤᠭᠠᠨ ᠢ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ | ᠤᠳᠬ᠎ᠠ ᠤᠷᠠᠯᠢᠭ ᠤᠨ ᠰᠠᠶᠢᠨ ᠳᠤᠷᠠᠴᠤᠳ ᠤᠨ ᠦᠢᠯᠡᠴᠢᠯᠡᠭᠡᠨ ᠤ ᠲᠥᠪ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠵᠢᠯᠣᠭᠤᠳᠴᠤ᠂ ᠥᠪᠡᠷᠲᠡᠭᠡᠨ ᠵᠠᠰᠠᠬᠤ | ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ᠵᠢᠴᠢ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ | ᠬᠠᠮᠲᠤᠷᠠᠨ ᠡᠷᠬᠢᠯᠡᠵᠦ᠂ ᠪᠦᠬᠦ ᠣᠷᠣᠨ ᠤ 12 ᠠᠶᠢᠮᠠᠭ ᠬᠤᠳᠠ ᠶᠢᠨ 53 ᠤᠤᠭᠠᠯ ᠡᠭᠦᠳᠦᠯᠲᠡ ᠶᠢᠨ ᠲᠣᠰᠬᠤᠨ ᠤ | ᠳᠠᠭᠤᠤ ᠥᠷᠢᠰᠥᠯᠳᠦᠭᠡᠨ ᠲᠡᠮᠡᠴᠡᠭᠡᠨ ᠳᠤ ᠣᠷᠣᠯᠴᠠᠵᠤ᠂ ᠡᠴᠦᠰ ᠤᠨ 20 ᠪᠦᠲᠦᠭᠡᠯ ᠤᠨ ᠲᠡᠰ ᠳᠡᠪᠰᠢᠬᠦ ᠶᠡᠷᠦᠩᠬᠡᠢ | ᠰᠢᠢᠳᠪᠦᠷᠢᠲᠦ ᠤᠷᠤᠯᠳᠤᠭᠠᠨ ᠳᠤ ᠣᠷᠣᠯᠴᠠᠪᠠ᠃ ᠱᠤᠤ ᠯᠢᠶᠠᠨ ᠵᠢᠶᠦ᠋ᠨ ᠮᠠᠰᠢ ᠶᠡᠭᠡ ᠨᠥᠯᠥᠭᠡᠯᠡᠬᠦ ᠬᠦᠴᠦᠨ ᠲᠠᠢ | ᠳᠠᠭᠤᠯᠠᠯ ᠢᠶᠠᠷ ᠢᠶᠠᠨ ᠲᠤᠤ ᠮᠠ ᠭᠸᠤ ᠲᠣᠰᠬᠤᠨ ᠤ ᠶᠠᠳᠠᠭᠤ ᠬᠦᠴᠢᠷᠳᠡᠯᠲᠡᠢ ᠬᠤᠴᠣᠷᠤᠩᠭᠤᠢ ᠲᠣᠰᠬᠤᠨ ᠠᠴᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠬᠦᠷᠲᠡᠯᠡᠬᠢ ᠬᠤᠪᠢᠷᠠᠯᠲᠠ ᠶᠢᠨ | ᠶᠠᠪᠤᠴᠠ ᠶᠢ ᠠᠮᠢᠳᠤᠯᠢᠭ ᠢᠶᠠᠷ ᠢᠯᠡᠷᠡᠭᠦᠯᠵᠦ᠂ ᠲᠡᠭᠦᠨ ᠤ ᠢᠷᠠᠭᠤ ᠰᠠᠶᠢᠬᠠᠨ ᠬᠤᠭᠤᠯᠠᠢ ᠪᠣᠯᠤᠨ ︽ᠬᠥᠬᠡ ᠠᠭᠤᠯᠠ | ᠬᠦᠭᠡᠮᠳᠦᠭ ᠤᠰᠤ ᠶᠢ ᠵᠣᠪᠠᠨᠢᠯ ᠦᠭᠡᠢ ᠪᠣᠯᠭᠠᠵᠤ᠂ ᠪᠠᠶᠠᠨ ᠴᠢᠨᠡᠭᠡᠯᠢᠭ ᠲᠤᠤ ᠮᠠ ᠭᠸᠤ ᠶᠢ ᠳᠦᠭᠦᠷᠡᠩ ᠪᠢᠴᠢᠭᠯᠡᠵᠦ᠂ | ᠵᠠᠮ ᠶᠠᠪᠤᠬᠤ ᠲᠤᠳᠤᠮ ᠡᠷᠡᠮᠡᠯᠵᠡᠯ ᠲᠠᠢ᠂ ᠡᠷᠡᠮᠡᠯᠵᠡᠯ ᠲᠠᠢ︾ ᠭᠡᠬᠦ ᠳᠠᠭᠤᠤ ᠶᠢᠨ ᠦᠭᠡ ᠰᠠᠨᠠᠭ᠎ᠠ ᠠᠬᠤᠢ ᠪᠦᠷᠢᠨ | ᠲᠡᠭᠦᠯᠳᠡᠷ ᠠᠭᠤᠰᠤᠯᠴᠠᠵᠤ᠂ ᠲᠤᠬᠠᠢ ᠶᠢᠨ ᠲᠠᠯᠠᠪᠠᠢ ᠶᠢᠨ ᠰᠢᠯᠭᠠᠷᠠᠭᠤᠯᠬᠤ ᠺᠣᠮᠢᠰ ᠤᠨ ᠭᠡᠰᠢᠭᠦᠨ ᠪᠣᠯᠤᠨ | ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃ | | ᠣᠷᠣᠨ ᠨᠣᠲᠤᠭ ᠤᠨ ᠬᠠᠶᠢᠷ᠎ᠠ ᠰᠡᠳᠬᠢᠯᠭᠡ ᠶᠢᠨ ᠴᠠᠭ ᠦᠶ᠎ᠡ ᠶᠢᠨ ᠴᠤᠤᠷᠢᠶ᠎ᠠ | ︽ᠪᠢᠳᠡᠨ ᠤ ᠲᠤᠤ ᠮᠠ ᠭᠧᠦ︾ ᠶᠢ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠤᠷᠠᠨ ᠰᠠᠶᠢᠬᠠᠨ ᠤ | ᠪᠦᠯᠬᠦᠮ ᠤᠨ ᠵᠠᠯᠠᠭᠤ ᠳᠠᠭᠤᠴᠢᠨ ᠯᠢᠶᠠᠩ ᠬᠤ᠋ ᠸᠧᠢ ᠠᠴᠠ ᠳᠠᠭᠤᠨ ᠤ ᠦᠭᠡ ᠪᠣᠯᠤᠨ ᠬᠥᠭᠵᠢᠮ ᠢ ᠵᠣᠬᠢᠶᠠᠵᠤ᠂ | ᠳᠠᠭᠤᠨ ᠤ ᠦᠭᠡ ᠨᠢ ᠲᠤᠤ ᠮᠠ ᠭᠸᠦ ᠲᠣᠰᠬᠤᠨ ᠤ ᠦᠨᠡᠨ ᠪᠣᠳᠠᠲᠠᠶ ᠦᠯᠢᠭᠡᠷ ᠢᠶᠠᠷ ᠡᠬᠡ ᠳᠡᠪᠲᠡᠷ ᠪᠣᠯᠭᠠᠵᠤ᠂ | ᠰᠢᠪᠠᠷᠬᠦᠷᠢᠶ᠎ᠡ ᠲᠡᠮᠦᠷ ᠤᠨ ᠠᠭᠤᠷᠬᠠᠢ ᠶᠢᠨ ᠪᠦᠯᠦᠭᠯᠡᠯ ᠤᠨ ᠡᠭᠦᠰᠭᠡᠨ ᠪᠠᠶᠢᠭᠤᠯᠤᠭᠴᠢ ᠯᠢ ᡁᠢ ᠴᠢᠶᠠᠩ ᠠᠵᠤ | ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠠᠵᠠ ᠲᠣᠬᠢᠶᠠᠯ ᠢ ᠠᠮᠵᠢᠵᠤ᠂ ᠲᠤᠤ ᠮᠠ ᠭᠸᠤ ᠶᠢᠨ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠨᠤᠲᠤᠭ ᠤᠨ ᠠᠬ᠎ᠠ ᠳᠡᠭᠦᠦ ᠨᠡᠷ ᠢᠶᠠᠨ | ᠳᠠᠭᠠᠭᠤᠯᠤᠨ ᠬᠠᠮᠲᠤ ᠪᠠᠷ ᠪᠠᠶᠠᠵᠢᠭᠰᠠᠨ ᠭᠤᠶᠢᠳᠠ ᠰᠠᠶᠢᠬᠠᠨ ᠦᠯᠢᠭᠡᠷ ᠢ ᠶᠠᠷᠢᠵᠠᠶ᠃ ᠲᠠᠭᠤᠨ ᠤ ᠦᠭᠡ ᠳᠣᠲᠣᠷᠠᠬᠢ | ︽ᠠᠭᠤᠵᠢᠮ ᠰᠠᠷᠠᠭᠤᠯ᠂ ᠠᠭᠤᠵᠢᠮ ᠰᠠᠷᠠᠭᠤᠯ᠂ ᠠᠭᠤᠵᠢᠮ ᠰᠠᠷᠠᠭᠤᠯ ᠬᠢᠷ᠎ᠠ ᠳᠡᠭᠡᠷ᠎ᠡ᠂ ᠪᠢᠳᠡᠨ ᠤ ᠪᠣᠷᠣᠭᠵᠢᠭᠤᠨ | ᠲᠣᠤ ᠮᠠ ᠭᠸᠦ ᠰᠠᠭᠤᠷᠢᠰᠢᠵᠤ᠂ ᠠᠳᠠᠯᠢ ᠪᠤᠰᠤ ᠨᠡᠷ᠎ᠡ ᠪᠠ ᠣᠪᠣᠭ ᠠᠴᠠ ᠢᠷᠡᠵᠦ᠂ ᠠᠵᠢᠯᠴᠢ ᠬᠦᠳᠡᠯᠮᠦᠷᠢ ᠳᠤ ᠪᠠᠨ | ᠲᠦᠰᠢᠭᠯᠡᠨ ᠠᠮᠢ ᠵᠢᠭᠤᠬᠤ︾ ᠵᠡᠷᠭᠡ ᠪᠣᠷᠣᠭᠵᠢᠭᠤᠨ ᠦᠭᠡ ᠥᠭᠦᠯᠡᠪᠦᠷᠢ ᠨᠢ ᠲᠠᠯ᠎ᠠ ᠨᠤᠲᠤᠭ ᠤᠨ ᠬᠥᠪᠡᠭᠦᠳ | ᠥᠬᠢᠳ ᠤᠨ ᠪᠣᠷᠣᠭᠵᠢᠭᠤᠨ ᠵᠠᠩ ᠴᠢᠨᠠᠷ ᠢ ᠢᠯᠡᠷᠡᠭᠦᠯᠦᠭᠰᠡᠨ ᠮᠥᠷᠲᠡᠭᠡᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠴᠠᠭ ᠦᠶ᠎ᠡ ᠶᠢᠨ ᠭᠤᠣᠯ ᠰᠡᠳᠦᠪ ᠢ ᠴᠦ ᠳᠠᠮᠵᠢᠭᠤᠯᠤᠭᠰᠠᠨ ᠪᠠᠶᠢᠨ᠎ᠠ᠃ ᠱᠤᠤ ᠯᠢᠶᠠᠨ ᠵᠢᠶᠦ᠋ᠨ ᠲᠤᠤ | ᠮᠠ ᠭᠸᠤ ᠶᠢᠨ ᠲᠠᠷᠢᠶᠠᠯᠠᠩ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠪᠡᠶ᠎ᠡ ᠪᠠᠷ ᠢᠶᠠᠨ ᠥᠩᠭᠡᠷᠡᠭᠦᠯᠦᠭᠴᠢ | ᠪᠣᠯᠤᠭᠰᠠᠨ ᠤ ᠬᠤᠪᠢ ᠳᠤ᠂ ᠲᠡᠭᠦᠨ ᠤ ᠳᠠᠭᠤᠯᠠᠬᠤ ᠬᠡᠪ ᠨᠠᠮᠪᠠ ᠨᠢ ᠳᠠᠭᠤᠨ ᠳᠤ ᠭᠦᠨ ᠵᠤᠵᠠᠭᠠᠨ ᠬᠠᠶᠢᠷ᠎ᠠ | ᠰᠡᠳᠬᠢᠯᠭᠡ ᠶᠢ ᠣᠯᠭᠤᠭᠰᠠᠨ ᠪᠠᠶᠢᠨ᠎ᠠ᠃ | | ᠵᠠᠭᠤᠨ ᠵᠢᠯ ᠤᠨ ᠲᠣᠰᠬᠤᠨ ᠤ ᠰᠣᠶᠤᠯ ᠳᠠᠬᠢᠨ ᠠᠮᠢᠯᠠᠪᠠ | ᠲᠤᠤ ᠮᠠ ᠭᠧᠤ ᠲᠣᠰᠬᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠬᠡᠷᠬᠤᠳᠳᠤᠭ | ᠪᠠᠯᠭᠠᠰᠤᠨ ᠳᠤ ᠪᠠᠶᠢᠷᠢᠯᠠᠵᠤ᠂ ᠵᠠᠭᠤᠨ ᠵᠢᠯ ᠤᠨ ᠡᠮᠦᠨᠡᠬᠢ ᠮᠣᠩᠭᠤᠯ ᠮᠠᠯᠴᠢᠳ ᠠᠳᠡ ᠮᠣᠷᠢ ᠤᠷᠭᠠᠯᠠᠬᠤ ᠪᠠᠷ | ᠳᠠᠮᠵᠢᠨ ᠨᠡᠷ᠎ᠡ ᠣᠯᠵᠤ᠂ ᠪᠠᠷᠠᠭᠤᠨ ᠬᠤᠩᠭᠢᠯ ᠢᠶᠠᠷ ᠶᠠᠪᠤᠬᠤ ᠰᠣᠶᠣᠯ ᠪᠠ ᠬᠤᠶᠠᠷ ᠬᠦᠮᠦᠨ ᠤ ᠲᠣᠭᠯᠠᠯᠲᠠ ᠶᠢᠨ | ᠤᠷᠠᠯᠢᠭ ᠢ ᠬᠥᠭᠵᠢᠭᠦᠯᠬᠦ ᠴᠢᠬᠤᠯᠠ ᠡᠬᠢ ᠰᠤᠷᠪᠤᠯᠵᠢ ᠶᠢᠨ ᠭᠠᠵᠠᠷ ᠮᠥᠨ᠃ ᠣᠶᠢᠷ᠎ᠠ ᠶᠢᠨ ᠵᠢᠯ ᠳᠤ᠂ ᠲᠣᠰ | ᠲᠣᠰᠬᠤᠨ ︽ᠺᠣᠮᠫᠠᠨᠢ + ᠬᠤᠷᠰᠢᠶ᠎ᠠ + ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠳᠠᠮᠵᠢᠭᠤᠯᠤᠨ ᠲᠠᠷᠢᠶᠠᠨ | ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢ ᠪᠣᠶ ᠪᠣᠯᠭᠠᠵᠤ᠂ 1.25 ᠲᠦᠮᠡᠨ ᠮᠥ ᠭᠠᠵᠠᠷ ᠰᠢᠷᠣᠶ ᠶᠢ ᠰᠢᠯᠵᠢᠭᠦᠯᠦᠨ | ᠡᠷᠭᠢᠯᠳᠦᠭᠦᠯᠵᠦ ᠣᠷᠭᠠᠨᠢᠭ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠵᠦ᠂ ᠥᠪᠡᠷᠲᠡᠭᠡᠨ | ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠪᠠ ᠪᠥᠬᠦ | ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠪᠣᠯᠤᠭᠰᠠᠨ ᠪᠠᠶᠢᠨ᠎ᠠ᠃ ᠱᠤᠤ | ᠯᠢᠶᠠᠨ ᠵᠢᠶᠦ᠋ᠨ᠄ ︽ᠡᠨᠡ ᠳᠠᠭᠤᠤ ᠨᠢ ᠨᠤᠲᠤᠭ ᠤᠰᠤ ᠪᠠᠨ ᠮᠠᠭᠲᠠᠭᠠᠨ ᠰᠠᠶᠢᠰᠢᠶᠠᠭᠰᠠᠨ ᠢᠶᠠᠷ ᠪᠠᠷᠠᠬᠤ ᠦᠭᠡᠢ᠂ | ᠨᠡᠩ ᠴᠤ ᠰᠢᠨ᠎ᠡ ᠴᠠᠭ ᠦᠶ᠎ᠡ ᠶᠢᠨ ᠮᠠᠯᠴᠢᠨ ᠲᠠᠷᠢᠶᠠᠴᠢᠨ ᠤ ᠵᠣᠷᠢᠭ ᠰᠠᠨᠠᠭ᠎ᠠ ᠶᠢ ᠮᠠᠭᠲᠠᠨ ᠰᠠᠶᠢᠰᠢᠶᠠᠵᠤ ᠪᠠᠶᠢᠨ᠎ᠠ᠃︾ | ᠭᠡᠵᠦ ᠢᠯᠡᠳᠬᠡᠪᠡ᠃ | | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠣᠶᠣᠯ ᠤᠨ ᠦᠢᠯᠡᠳᠦᠯᠭᠡ | ᠤᠷᠤᠯᠳᠤᠭᠠᠨ ᠤ ᠰᠢᠯᠭᠠᠷᠠᠭᠤᠯᠤᠯᠲᠠ ᠶᠢᠨ ᠵᠥᠪᠯᠡᠯ᠂ ᠥᠪᠥᠷ ᠮᠣᠩᠭᠤᠯ ᠤᠨ ᠳᠠᠭᠤᠤ ᠬᠥᠭᠵᠢᠮᠴᠢᠳ ᠤᠨ | ᠨᠡᠶᠢᠭᠡᠮᠯᠢᠭ ᠤᠨ ᠲᠤᠰᠬᠠᠢ ᠮᠡᠷᠭᠡᠵᠢᠯᠲᠡᠨ ᠠᠴᠠ᠂ ︽ᠪᠢᠳᠡᠨ ᠤ ᠲᠤᠤ ᠮᠠ ᠭᠧᠦ︾ ᠨᠢ ᠮᠣᠩᠭᠤᠯ ᠦᠨᠳᠦᠰᠦᠲᠡᠨ ᠤ | ᠤᠷᠲᠤ ᠶᠢᠨ ᠳᠠᠭᠤᠤ ᠪᠣᠯᠤᠨ ᠤᠳᠤ ᠦᠶ᠎ᠡ ᠶᠢᠨ ᠳᠠᠭᠤᠤ ᠬᠥᠭᠵᠢᠮ ᠤᠨ ᠡᠯᠧᠮᠧᠨ᠋ᠲ ᠢ ᠨᠡᠶᠢᠯᠡᠭᠦᠯᠵᠦ᠂ ᠲᠠᠯ᠎ᠠ | ᠨᠤᠲᠤᠭ ᠤᠨ ᠳᠠᠭᠤᠤ ᠬᠥᠭᠵᠢᠮ ᠤᠨ ᠪᠠᠶᠢᠭᠠᠯᠢᠯᠢᠭ ᠴᠢᠨᠠᠷ ᠢ ᠬᠠᠳᠠᠭᠠᠯᠠᠭᠰᠠᠨ ᠢᠶᠠᠷ ᠪᠠᠷᠠᠬᠤ ᠦᠭᠡᠢ ᠪᠠᠰᠠ | ᠪᠦᠲᠦᠭᠡᠯ ᠳᠤ ᠴᠢᠩᠭ᠎ᠠ ᠴᠠᠭ ᠦᠶ᠎ᠡ ᠶᠢᠨ ᠲᠦᠷᠦᠭᠳᠡᠯ ᠢ ᠣᠯᠭᠤᠵᠠᠢ ᠭᠡᠵᠦ ᠵᠢᠭᠠᠵᠤ ᠭᠠᠷᠭᠠᠪᠠ᠃ ᠤᠷᠤᠯᠳᠤᠭᠠᠨ ᠤ | ᠶᠠᠪᠤᠳᠠᠯ ᠢ ᠭᠤᠤᠯᠯᠠᠨ ᠡᠷᠬᠢᠯᠡᠬᠦ ᠲᠠᠯ᠎ᠠ ᠠᠴᠠ᠂ ᠲᠣᠰᠬᠤᠨ ᠤ ᠠᠷᠠᠳ ᠤᠨ ᠳᠠᠭᠤᠤ ᠶᠢᠨ ᠲᠠᠪᠴᠠᠩ ᠤᠨ ᠲᠠᠶᠢᠰᠠ ᠨᠢ | ᠦᠨᠳᠦᠰᠦᠨ ᠱᠠᠲᠤᠨ ᠤ ᠤᠳᠬ᠎ᠠ ᠤᠷᠠᠯᠢᠭ ᠤᠨ ᠬᠦᠴᠦᠨ ᠢ ᠠᠭᠤᠳᠠᠯᠬᠤ ᠪᠠᠷ ᠳᠠᠮᠵᠢᠭᠤᠯᠤᠨ᠂ ︽ᠨᠤᠲᠤᠭ ᠤᠨ | ᠠᠶᠠᠯᠭᠤ︾ ᠶᠢ ︽ᠬᠦᠴᠦᠲᠡᠢ ᠠᠶᠠᠯᠭᠤ︾ ᠪᠣᠯᠭᠠᠨ ᠬᠤᠪᠢᠷᠠᠭᠤᠯᠵᠤ᠂ ᠬᠥᠳᠡᠭᠡ ᠲᠣᠰᠬᠤᠨ ᠤ ᠰᠣᠶᠣᠯ ᠤᠨ | ᠢᠲᠡᠭᠡᠯ ᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠱᠤᠤ ᠯᠢᠶᠠᠨ ᠵᠢᠶᠦ᠋ᠨ ᠤ ᠱᠠᠩᠨᠠᠯ ᠬᠦᠷᠲᠡᠭᠰᠡᠨ ᠨᠢ ᠭᠡᠨᠡᠳᠲᠡ ᠶᠢᠨ ᠶᠠᠪᠤᠳᠠᠯ ᠪᠢᠰᠢ᠂ ᠰᠢᠪᠠᠷᠬᠦᠷᠢᠶ᠎ᠡ | ᠲᠡᠮᠦᠷ ᠤᠨ ᠠᠭᠤᠷᠬᠠᠢ ᠶᠢᠨ ᠪᠦᠯᠦᠭᠯᠡᠯ ᠤᠨ ᠤᠳᠬ᠎ᠠ ᠤᠷᠠᠯᠢᠭ ᠤᠨ ᠭᠤᠣᠯᠯᠠᠭᠴᠢ ᠬᠦᠴᠦᠨ ᠪᠣᠯᠤᠭᠰᠠᠨ ᠤ | ᠬᠤᠪᠢ ᠳᠤ᠂ ᠲᠡᠷᠡ ᠤᠷᠳᠤ ᠬᠤᠭᠤᠴᠠᠭ᠎ᠠ ᠪᠠᠷ ᠦᠨᠳᠦᠰᠦᠨ ᠱᠠᠲᠤᠨ ᠳᠤ ᠦᠨᠳᠦᠰᠦᠯᠡᠵᠦ᠂ ᠰᠢᠯᠦᠭ ᠵᠢᠷᠤᠭ ᠤᠨ | ᠲᠠᠯ᠎ᠠ ᠨᠤᠲᠤᠭ ᠤᠨ ᠴᠠᠭᠠᠰᠤᠨ ᠰᠢᠪᠠᠭᠤ ᠶᠢᠨ ᠨᠠᠶᠢᠷ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠳᠤ ᠣᠷᠣᠯᠴᠠᠵᠤ | ᠥᠩᠭᠡᠷᠡᠭᠰᠡᠨ ᠪᠥᠭᠡᠳ ᠲᠤᠤ ᠮᠠ ᠭᠸᠤ ᠶᠢᠨ ᠦᠵᠡᠮᠵᠢ ᠶᠢᠨ ᠣᠷᠣᠨ ᠳᠤ ᠤᠯᠠᠨ ᠤᠬᠠᠭᠤᠯᠭ᠎ᠠ ᠶᠢᠨ ᠳᠠᠭᠤᠤ | ᠵᠣᠬᠢᠶᠠᠵᠠᠢ᠃ ᠲᠣᠰ ᠤᠳᠠᠭ᠎ᠠ ᠱᠠᠩᠨᠠᠯ ᠭᠠᠷᠳᠠᠭᠰᠠᠨ ᠤ ᠳᠠᠷᠠᠭ᠎ᠠ᠂ ᠲᠡᠷᠡ ᠦᠷᠭᠦᠯᠵᠢᠯᠡᠨ ᠳᠠᠭᠤᠤ ᠬᠥᠭᠵᠢᠮ ᠢᠶᠠᠷ | ᠨᠤᠲᠤᠭ ᠤᠨ ᠥᠯᠢᠭᠡᠷ ᠢ ᠳᠠᠮᠵᠢᠭᠤᠯᠵᠤ᠂ ᠨᠠᠩ ᠣᠯᠠᠨ ᠬᠥᠮᠦᠨ ᠳᠤ ᠲᠤᠤ ᠮᠠ ᠭᠸᠤ ᠶᠢᠨ ᠳᠠᠭᠤᠨ ᠢ ᠰᠣᠨᠣᠰᠬᠠᠵᠤ᠂ | ᠥᠪᠥᠷ ᠮᠣᠩᠭᠤᠯ ᠤᠨ ᠬᠥᠳᠡᠭᠡ ᠲᠣᠰᠬᠤᠨ ᠤ ᠰᠢᠨ᠎ᠡ ᠳᠦᠷᠰᠦ ᠪᠠᠶᠢᠳᠠᠯ ᠢ ᠦᠵᠡᠭᠦᠯᠦᠨ᠎ᠡ ᠭᠡᠵᠦ ᠢᠯᠡᠳᠬᠡᠪᠡ᠃ |