6 ᠳ᠋ᠤᠭᠠᠷ ᠰᠠᠷ᠎ᠠ ᠶᠢᠨ 28 ᠤ ᠡᠳᠦᠷ ᠤᠨ ᠤᠷᠤᠢ᠂ ᠤᠮᠠᠷᠠᠲᠤ ᠬᠢᠯᠢ ᠶᠢᠨ ᠰᠣᠶᠣᠯ ᠤᠨ ᠠᠵᠢᠯᠯᠠᠭ᠎ᠠ ᠶᠢᠨ | ᠤᠯᠠᠷᠢᠯ — ᠬᠤᠶᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠼᠢᠷᠺ ᠤᠨ ᠤᠮᠠᠷᠠᠲᠤ ᠬᠢᠯᠢ ᠲᠠᠬᠢ | ᠠᠶᠠᠯᠠᠯ︾ ᠤᠨ ᠰᠢᠷᠢᠰ ᠠᠵᠢᠯᠯᠠᠭ᠎ᠠ ᠥᠪᠥᠷ ᠮᠣᠩᠭᠤᠯ ᠤᠨ ᠠᠩᠬᠠᠳᠠᠭᠴᠢ ᠪᠦᠯᠦᠭ ︽ᠵᠢᠭᠤᠯᠴᠢᠯᠠᠯ ᠤᠨ ᠨᠡᠷᠡᠲᠦ | ᠰᠢᠶᠠᠨ︾ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠶᠠᠪᠤᠭᠳᠠᠪᠠ᠃ ᠪᠦᠬᠦ ᠤᠯᠤᠰ ᠤᠨ ᠣᠯᠠᠨ | ᠭᠠᠵᠠᠷ ᠠᠴᠠ ᠢᠷᠡᠭᠰᠡᠨ ᠤᠷᠦ᠋ᠢᠯᠠᠭᠰᠠᠨ ᠬᠦᠷᠢᠶᠡᠯᠡᠩ ᠪᠦᠯᠬᠦᠮ ᠤᠨ ᠲᠣᠭᠯᠠᠭᠴᠢᠳ ᠤᠷ᠎ᠠ ᠠᠪᠢᠶᠠᠰ᠂ ᠣᠷᠭᠢᠯᠤᠮ᠎ᠠ | ᠬᠠᠯᠠᠭᠤᠨ ᠰᠡᠳᠬᠢᠯᠭᠡ ᠪᠠᠷ ᠲᠠᠶᠢᠰᠠ ᠪᠠᠨ ᠲᠠᠯ᠎ᠠ ᠨᠤᠲᠤᠭ ᠤᠨ ᠭᠦᠨ ᠳᠤ ᠪᠣᠰᠬᠠᠵᠠᠢ᠃ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠡᠯ᠎ᠡ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠭᠤᠴᠣ ᠰᠠᠶᠢᠬᠠᠨ | ᠤᠷᠠᠯᠢᠭ ᠤᠨ ᠦᠪᠡᠳᠡᠭᠰᠢ ᠨᠠᠶᠢᠷ ᠢᠶᠠᠨ ᠳᠡᠪᠰᠢᠭᠦᠯᠵᠦ᠂ ᠡᠬᠡ ᠤᠯᠤᠰ ᠤᠨ ᠤᠮᠠᠷᠠᠲᠤ ᠬᠢᠯᠢ ᠳᠤ ᠰᠣᠶᠣᠯ ᠤᠨ | ᠠᠭᠤᠰᠤᠯᠴᠠᠯ ᠤᠨ ᠭᠡᠷᠡᠯ ᠭᠢᠯᠪᠠᠭ᠎ᠠ ᠶᠢ ᠨᠣᠴᠤᠭᠠᠪᠠ᠃ ᠤᠷᠠᠯᠢᠭᠴᠢᠳ ᠤᠷᠠᠨ ᠨᠠᠷᠢᠯᠢᠭ ᠤᠷ᠎ᠠ ᠮᠡᠷᠭᠡᠵᠢᠯ ᠢᠶᠠᠷ | ᠦᠵᠡᠭᠴᠢᠳ ᠤᠨ ᠬᠠᠯᠠᠭᠤᠨ ᠠᠯᠠᠭ᠎ᠠ ᠲᠠᠰᠢᠯᠲᠠ ᠪᠣᠯᠤᠨ ᠮᠠᠭᠲᠠᠭᠠᠯ ᠰᠠᠶᠢᠰᠢᠶᠠᠯ ᠢ ᠣᠯᠵᠠᠢ᠃ | ᠲᠣᠰ ᠤᠳᠠᠭᠠᠨ ᠤ ᠠᠵᠢᠯᠯᠠᠭ᠎ᠠ ᠶᠢ ᠳᠤᠮᠳᠠᠳᠤ ᠤᠯᠤᠰ ᠤᠨ ᠼᠢᠷᠺᠴᠢᠳ ᠤᠨ ᠨᠡᠶᠢᠭᠡᠮᠯᠢᠭ᠂ ᠥᠪᠥᠷ | ᠮᠣᠩᠭᠤᠯ ᠤᠨ ᠤᠳᠬ᠎ᠠ ᠤᠷᠠᠯᠢᠭ ᠤᠨ ᠡᠲᠡᠭᠡᠳ ᠤᠨ ᠬᠤᠯᠪᠣᠭᠠᠲᠤ ᠬᠤᠷᠠᠯ ᠠᠴᠠ ᠭᠤᠤᠯᠯᠠᠨ ᠡᠷᠬᠢᠯᠡᠵᠦ᠂ ᠥᠪᠥᠷ | ᠮᠣᠩᠭᠤᠯ ᠤᠨ ᠼᠢᠷᠺᠴᠢᠳ ᠤᠨ ᠨᠡᠶᠢᠭᠡᠮᠯᠢᠭ᠂ ᠪᠤᠭᠤᠲᠤ ᠬᠤᠲᠠ ᠶᠢᠨ ᠤᠳᠬ᠎ᠠ ᠤᠷᠠᠯᠢᠭ ᠤᠨ ᠡᠲᠡᠭᠡᠳ ᠤᠨ | ᠬᠤᠯᠪᠣᠭᠠᠲᠤ ᠬᠤᠷᠠᠯ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠠᠴᠠ ᠳᠠᠭᠠᠭᠠᠴᠢᠯᠠᠨ ᠡᠷᠬᠢᠯᠡᠵᠦ᠂ ᠵᠣᠷᠢᠯᠭ᠎ᠠ ᠨᠢ ᠥᠨᠳᠥᠷ ᠲᠦᠪᠰᠢᠨ ᠪᠥᠬᠦᠶ ᠼᠢᠷᠺ | ᠤᠷᠠᠯᠢᠭ ᠢᠶᠠᠷ ᠳᠠᠮᠵᠢᠭᠤᠯᠤᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠡᠮᠳᠡᠭ ᠢ ᠡᠭᠦᠳᠴᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠵᠦ᠂ ᠬᠢᠯᠢ ᠬᠢᠵᠠᠭᠠᠷ ᠤᠨ ᠣᠯᠠᠨ ᠲᠦᠮᠡᠨ ᠤ ᠣᠶᠤᠨ | ᠰᠠᠨᠠᠭᠠᠨ ᠤ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ ᠶᠤᠮ᠃ | ᠣᠷᠣᠢ ᠶᠢᠨ 7 ᠴᠠᠭ ᠬᠠᠭᠠᠰ ᠲᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠷᠠᠯᠢᠭ ᠤᠨ ᠲᠥᠪ | ᠬᠤᠭᠤᠰᠣᠨ ᠰᠠᠭᠤᠳᠠᠯ ᠦᠭᠡᠢ᠃ ᠲᠣᠭᠯᠠᠯᠲᠠ ᠨᠢ ︽ᠬᠡᠩᠭᠡᠷᠭᠡ ᠢᠰᠬᠦᠯᠬᠦ︾ ᠶᠢᠨ ᠳᠤᠮᠳᠠ ᠡᠬᠢᠯᠡᠵᠦ᠂ | ᠲᠣᠭᠯᠠᠭᠴᠢᠳ ᠨᠠᠷᠢᠯᠢᠭ ᠣᠨᠣᠪᠴᠢᠲᠠᠢ ᠬᠦᠴᠦᠨ ᠢᠶᠠᠷ ᠬᠡᠩᠭᠡᠷᠭᠡ ᠶᠢᠨ ᠭᠠᠳᠠᠷᠭᠤ ᠢᠰᠭᠦᠯᠵᠦ᠂ ᠢᠳᠡᠷᠡᠭᠦᠨ | ᠳᠣᠷᠪᠢᠲᠠᠶ ᠨᠢᠰᠦᠯᠲᠡ ᠶᠢᠨ ᠵᠠᠪᠰᠠᠷ ᠲᠤ ᠬᠦᠴᠦᠨ ᠴᠢᠳᠠᠯ ᠪᠣᠯᠤᠨ ᠭᠤᠶᠣ ᠰᠠᠶᠢᠬᠠᠨ ᠠᠭᠤᠰᠤᠯᠴᠠᠯ︔ ︽ᠤᠶᠠᠨ | ᠮᠡᠷᠭᠡᠵᠢᠯ︾ ᠨᠢ ᠲᠥᠰᠦᠭᠡᠯᠡᠨ ᠪᠤᠳᠤᠭᠰᠠᠨ ᠢᠶᠠᠷ ᠭᠠᠳᠠᠭᠤᠷᠬᠢ ᠪᠡᠶ᠎ᠡ ᠶᠢᠨ ᠦᠭᠡ ᠬᠡᠯᠡ ᠪᠠᠷ ᠠᠮᠢ ᠨᠠᠰᠤᠨ ᠤ ᠤᠶᠠᠨ | ᠬᠠᠳᠠᠨ ᠴᠢᠨᠠᠷ ᠪᠣᠯᠤᠨ ᠤᠶᠠᠨ ᠭᠤᠸᠠᠯᠢᠭ ᠢ ᠲᠠᠶᠢᠯᠪᠤᠷᠢᠯᠠᠪᠠ᠃ ᠥᠪᠥᠷ ᠮᠣᠩᠭᠤᠯ ᠤᠨ ᠬᠠᠩᠭᠢᠨ ᠬᠤᠶᠢᠲᠤ | ᠬᠤᠰᠢᠭᠤᠨ ᠤ ᠤᠯᠠᠭᠠᠨᠮᠥ᠋ᠴᠢᠷ ᠤᠨ ᠠᠪᠴᠢᠷᠠᠭᠰᠠᠨ ᠭᠤᠸᠠᠽᠦᠢ ︽ᠸᠠᠩ ᠫᠦᠸᠧ ᠪᠣᠷᠣᠲᠣᠬᠤᠶ ᠶᠢ ᠮᠠᠭᠲᠠᠭᠰᠠᠨ︾ | ᠨᠢ ᠣᠷᠣᠨ ᠨᠤᠲᠤᠭ ᠤᠨ ᠵᠠᠩ ᠠᠭᠠᠯᠢ ᠪᠠᠷ ᠪᠥᠬᠦ ᠲᠠᠯᠠᠪᠠᠶ ᠶᠢ ᠬᠥᠭᠵᠢᠭᠡᠵᠦ᠂ ᠪᠣᠷᠣᠲᠣᠬᠤᠶ ᠶᠢᠨ ᠥᠨᠢᠷ ᠪᠠᠶᠠᠯᠢᠭ | ᠥᠯᠵᠡᠢ ᠪᠡᠯᠭᠡ ᠲᠠᠢ ᠴᠠᠭ ᠦᠶ᠎ᠡ ᠶᠢᠨ ᠵᠢᠷᠤᠭ ᠢ ᠠᠮᠢᠳᠤᠯᠢᠭ ᠢᠶᠠᠷ ᠳᠡᠯᠭᠡᠨ ᠦᠵᠡᠭᠦᠯᠵᠦ᠂ ᠲᠡᠭᠦᠨ ᠤ ᠱᠤᠭ ᠶᠠᠷᠢᠶ᠎ᠠ | ᠪᠠ ᠷᠢᠳᠢ ᠰᠢᠳᠢ ᠶᠢ ᠤᠯᠠᠮᠵᠢᠯᠠᠵᠤ᠂ ᠨᠤᠲᠤᠭ ᠤᠨ ᠯᠤᠲᠤ ᠶᠡᠭᠡ ᠬᠤᠪᠢᠷᠠᠯᠲᠠ ᠪᠠ ᠠᠷᠠᠳ ᠣᠯᠠᠨ ᠤ ᠰᠡᠳᠬᠢᠯ ᠤᠨ | ᠲᠠᠭᠤᠨ ᠢ ᠳᠡᠯᠭᠡᠨ ᠦᠵᠡᠭᠦᠯᠵᠦ᠂ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠡᠮᠳᠡᠭ ᠲᠤ ᠠᠮᠢᠳᠤᠯᠢᠭ ᠴᠠᠭ | ᠦᠶ᠎ᠡ ᠶᠢᠨ ᠲᠠᠶᠢᠯᠪᠤᠷᠢ ᠨᠡᠮᠡᠷᠢᠯᠡᠪᠡ᠃ ︽ᠥᠩᠭᠡᠷᠡᠭᠰᠡᠨ ᠳᠤ ᠵᠥᠪᠬᠡᠨ ᠲᠧᠯᠸᠢᠰ ᠳᠡᠭᠡᠷ᠎ᠡ ᠼᠢᠷᠺ ᠲᠣᠭᠯᠠᠯᠠᠲᠠ ᠢ | ᠦᠵᠡᠳᠡᠭ᠂ ᠣᠲᠣ ᠭᠡᠷ ᠤᠨ ᠡᠭᠦᠳᠡᠨ ᠳᠤ ᠴᠦ ᠣᠯᠵᠤ ᠰᠣᠨᠢᠷᠬᠠᠨ᠎ᠠ︕︾ ᠭᠡᠵᠦ ᠬᠡᠦᠬᠡᠳ ᠢᠶᠠᠨ ᠳᠠᠭᠠᠭᠤᠯᠵᠤ | ᠲᠣᠭᠯᠠᠯᠲᠠ ᠶᠢ ᠦᠵᠡᠭᠰᠡᠨ ᠬᠤ᠋ ᠵᠢᠶᠠ ᠾᠦᠢ ᠰᠡᠳᠬᠢᠯ ᠳᠣᠭᠳᠣᠯᠤᠨ ᠢᠯᠡᠳᠭᠡᠪᠡ᠃ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠰᠣᠶᠣᠯ ᠤᠨ ᠠᠮᠢᠳᠤᠷᠠᠯ ᠡᠳᠦᠷ ᠢᠷᠡᠬᠦᠶ᠎ᠡ ᠡᠯᠪᠡᠭ ᠪᠠᠶᠠᠯᠢᠭ ᠪᠣᠯᠵᠤ᠂ ᠡᠨᠡ | ᠤᠳᠠᠭᠠᠨ ᠤ ᠲᠣᠭᠯᠠᠯᠲᠠ ᠨᠢ ᠶᠡᠬᠡᠴᠦᠳ ᠪᠠᠭᠠᠴᠤᠳ ᠤᠨ ᠬᠠᠷᠠᠭ᠎ᠠ ᠶᠢ ᠶᠡᠭᠡ ᠪᠠᠷ ᠨᠡᠭᠡᠭᠡᠭᠳᠡᠭᠦᠯᠵᠦ᠂ ᠤᠶᠢᠷ᠎ᠠ | ᠵᠠᠢ ᠠᠴᠠ ᠤᠷᠠᠯᠢᠭ ᠤᠨ ᠷᠢᠳᠢ ᠰᠢᠳᠢ ᠶᠢ ᠮᠡᠳᠡᠷᠡᠭᠦᠯᠪᠡ᠃ | ᠲᠣᠭᠯᠠᠯᠲᠠ ᠨᠢ ᠤᠷᠠᠯᠢᠭ ᠤᠨ ᠦᠵᠡᠭᠦᠯᠭᠡ ᠪᠣᠯᠬᠤ ᠪᠠᠷ ᠪᠠᠷᠠᠬᠤ ᠦᠭᠡᠢ᠂ ᠨᠡᠩ ᠴᠤ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠠᠮᠢᠳᠤᠯᠢᠭ ᠦᠢᠯᠡᠳᠦᠯᠭᠡ ᠪᠣᠯᠤᠨ᠎ᠠ᠃ ᠥᠪᠥᠷ ᠮᠣᠩᠭᠤᠯ ᠤᠨ ᠼᠢᠷᠺᠴᠢᠳ ᠤᠨ | ᠨᠡᠶᠢᠭᠡᠮᠯᠢᠭ ᠤᠨ ᠠᠵᠢᠯᠲᠠᠨ ᠼᠠᠢ ᠵᠢᠩ᠄ ︽︿ᠳᠤᠮᠳᠠᠳᠤ ᠤᠯᠤᠰ ᠤᠨ ᠼᠢᠷᠺ ᠤᠨ ᠤᠮᠠᠷᠠᠲᠤ ᠬᠢᠯᠢ ᠲᠠᠬᠢ ᠠᠶᠠᠯᠠᠯ﹀ | ᠪᠣᠯ ᠨᠠᠷᠢᠨ ᠨᠢᠮᠪᠠᠶ ᠲᠥᠰᠦᠪᠯᠡᠭᠰᠡᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠴᠢᠬᠤᠯᠠ ᠠᠵᠢᠯᠯᠠᠭ᠎ᠠ ᠮᠥᠨ᠂ | ᠭᠤᠤᠯᠳᠠᠭᠤ ᠤᠯᠤᠰ ᠤᠨ ᠲᠠᠰ ᠤᠨ ᠥᠨᠳᠥᠷ ᠬᠢᠷᠢ ᠲᠦᠪᠰᠢᠨ ᠪᠥᠬᠦᠶ ᠼᠢᠷᠺ ᠤᠨ ᠲᠣᠭᠯᠠᠯᠲᠠ ᠶᠢ ᠤᠮᠠᠷᠠᠲᠤ | ᠬᠢᠯᠢ ᠶᠢᠨ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠢᠯᠠᠩᠭᠤᠶ᠎ᠠ ᠦᠨᠳᠦᠰᠦᠨ ᠱᠠᠲᠤᠨ ᠤ ᠣᠯᠠᠨ ᠲᠦᠮᠡᠨ | ᠪᠠ ᠬᠢᠯᠢ ᠶᠢᠨ ᠬᠠᠮᠠᠭᠠᠯᠠᠯᠲᠠ ᠶᠢᠨ ᠠᠯᠪᠠᠨ ᠤ ᠴᠡᠷᠢᠭ ᠤᠨ ᠳᠡᠷᠭᠡᠳᠡ ᠬᠦᠷᠭᠡᠭᠰᠡᠨ ᠶᠠᠪᠤᠳᠠᠯ ᠪᠣᠯᠤᠨ᠎ᠠ᠃ ᠪᠢᠳᠡ | ᠭᠤᠶᠢᠳᠠ ᠰᠠᠶᠢᠬᠠᠨ ᠲᠣᠭᠯᠠᠯᠲᠠ ᠪᠠᠷ ᠳᠠᠮᠵᠢᠭᠤᠯᠤᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠵᠤ᠂ ᠠᠷᠠᠳ ᠲᠦᠮᠡᠨ ᠳᠤ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠪᠣᠯᠤᠨ ᠤᠯᠤᠰ ᠤᠨ ᠰᠣᠶᠣᠯ ᠤᠨ ᠬᠥᠭᠵᠢᠯᠲᠡ ᠶᠢᠨ ᠦᠷ᠎ᠡ | ᠪᠦᠲᠦᠭᠡᠯ ᠢ ᠮᠡᠳᠡᠷᠡᠭᠦᠯᠬᠦ ᠶᠢᠨ ᠬᠠᠮᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠳᠤ ᠼᠢᠷᠺ ᠤᠨ ᠤᠷᠠᠯᠢᠭ ᠤᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃︾ | ᠭᠡᠵᠦ ᠬᠡᠯᠡᠪᠡ᠃ | ᠳᠤᠷᠠᠳᠤᠭᠤᠰᠢᠲᠠᠢ ᠵᠦᠢᠯ ᠭᠡᠪᠡᠯ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠰᠠᠶ᠋ᠢᠬᠠᠨ ᠥᠪᠥᠷ | ᠮᠣᠩᠭᠤᠯ ᠤᠨ ᠠᠩᠬᠠᠳᠠᠭᠴᠢ ᠪᠦᠯᠦᠭ ︽ᠵᠢᠭᠤᠯᠴᠢᠯᠠᠯ ᠤᠨ ᠨᠡᠷᠡᠲᠦ ᠰᠢᠶᠠᠨ︾ ᠤ ᠴᠣᠯᠠ ᠬᠦᠷᠳᠡᠪᠡ᠃ ᠤᠢᠢᠷ᠎ᠠ ᠶᠢᠨ | ᠵᠢᠯ ᠠᠴᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ | ᠲᠥᠬᠦᠭᠡᠷᠦᠮᠵᠢ ᠪᠠᠨ ᠲᠡᠭᠦᠯᠳᠡᠷᠵᠢᠭᠦᠯᠬᠦ᠂ ᠤᠨᠴᠠᠯᠢᠬᠳᠤ ᠰᠣᠶᠣᠯ ᠵᠢᠭᠤᠯᠴᠢᠯᠠᠯ ᠤᠨ ᠠᠵᠢᠯᠯᠠᠭ᠎ᠠ ᠡᠷᠬᠢᠯᠡᠬᠦ ᠵᠡᠷᠭᠡ ᠪᠠᠷ | ᠳᠠᠮᠵᠢᠭᠤᠯᠤᠨ᠂ ᠡᠬᠢ ᠪᠠᠶᠠᠯᠢᠭ ᠢᠶᠠᠨ ᠭᠤᠣᠯᠯᠠᠭᠴᠢ ᠥᠷᠢᠰᠥᠯᠳᠦᠬᠦ ᠬᠦᠴᠦᠨ ᠪᠣᠯᠭᠠᠨ ᠬᠤᠪᠢᠷᠠᠭᠤᠯᠪᠠ᠃ ︽ | ᠳᠤᠮᠳᠠᠳᠤ ᠤᠯᠤᠰ ᠤᠨ ᠼᠢᠷᠺ ᠤᠮᠠᠷᠠᠲᠤ ᠬᠢᠯᠢ ᠲᠠᠬᠢ ᠠᠶᠠᠯᠠᠯ︾ ᠤᠨ ᠰᠣᠳᠣᠨ ᠦᠵᠡᠭᠦᠯᠦᠯᠭᠡ ᠶᠢᠨ ᠠᠵᠢᠯᠯᠠᠭ᠎ᠠ | ᠮᠠᠨ ᠤ ᠬᠤᠰᠢᠭᠤᠨ ᠳᠤ ᠨᠠᠶᠢᠳᠠᠪᠤᠷᠢᠵᠢᠵᠤ᠂ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠠᠭᠤᠯᠤᠭᠳᠠᠬᠤᠨ ᠢ | ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠲᠠᠲᠠᠬᠤ ᠬᠦᠴᠦᠨ ᠢ ᠳᠡᠭᠡᠭᠰᠢᠯᠡᠭᠦᠯᠦᠨ᠂ ᠰᠣᠶᠣᠯ ᠵᠢᠭᠤᠯᠴᠢᠯᠠᠯ ᠤᠨ | ᠭᠦᠨᠵᠡᠭᠡᠶ ᠠᠭᠤᠰᠤᠯᠴᠠᠯ ᠢ ᠠᠬᠢᠭᠤᠯᠬᠤ ᠪᠣᠯᠤᠨ᠎ᠠ᠃ | 6 ᠳ᠋ᠤᠭᠠᠷ ᠰᠠᠷ᠎ᠠ ᠶᠢᠨ 29 ᠤ ᠡᠳᠦᠷ᠂ ᠥᠥᠷ ᠤᠨ ᠲᠤᠶᠠᠭ᠎ᠠ ᠶᠢ ᠤᠭᠲᠤᠨ᠂ ᠲᠣᠭᠯᠠᠯᠲᠠ ᠶᠢᠨ | ᠪᠦᠯᠬᠦᠮ ᠤᠨ ᠬᠢᠨ ᠮᠠᠨᠳᠤᠯ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠳᠤ ᠬᠦᠷᠴᠦ᠂ ᠮᠤᠤᠮᠢᠩᠭᠠᠨ ᠤ ᠬᠢᠯᠢ ᠶᠢᠨ | ᠬᠠᠮᠠᠭᠠᠯᠠᠯᠲᠠ ᠶᠢᠨ ᠠᠯᠪᠠᠨ ᠴᠡᠷᠢᠭ᠂ ᠠᠷᠠᠳ ᠤᠨ ᠴᠠᠭᠳᠠᠭ᠎ᠠ᠂ ᠬᠢᠯᠢ ᠶᠢᠨ ᠬᠠᠮᠠᠭᠠᠯᠠᠭᠴᠢ ᠳᠤ ᠭᠦᠨ ᠵᠤᠵᠠᠭᠠᠨ | ᠲᠣᠬᠤᠨᠢᠭᠤᠯᠬᠤ ᠲᠣᠭᠯᠠᠯᠲᠠ ᠬᠦᠷᠭᠡᠪᠡ᠃ ᠨᠠᠮᠢᠷᠠᠵᠤ ᠪᠠᠶᠢᠭ᠎ᠠ ᠤᠯᠤᠰ ᠤᠨ ᠲᠤᠭ ᠤᠨ ᠳᠣᠣᠷ᠎ᠠ᠂ ᠪᠣᠯᠪᠠᠰᠤᠷᠠᠯ ᠤᠨ | ᠣᠷᠳᠣᠨ ᠪᠠᠶᠢᠭᠠᠭᠠᠯᠢᠭ ᠲᠣᠭᠯᠠᠯᠠᠲᠠ ᠶᠢᠨ ᠲᠠᠪᠴᠠᠩ ᠪᠣᠯᠵᠤ᠂ ᠢᠳᠡᠷᠡᠭᠦᠨ ᠳᠣᠷᠪᠢᠲᠠᠶ ᠬᠡᠩᠭᠡᠷᠭᠡ ᠶᠢᠨ ᠠᠶᠢᠵᠠᠮ ᠪᠠ | ᠪᠡᠶ᠎ᠡ ᠮᠠᠬᠠᠪᠣᠳ ᠤᠨ ᠲᠤᠶᠢᠯᠳᠠᠭᠤ ᠬᠦᠳᠡᠯᠭᠡᠭᠡᠨ ᠢ ᠦᠷᠢᠰᠦᠯᠳᠦᠵᠦ᠂ ᠵᠢᠯ ᠲᠤᠷᠰᠢ ᠬᠢᠯᠢ ᠬᠢᠵᠠᠭᠠᠷ ᠢᠶᠠᠨ ᠰᠠᠬᠢᠵᠤ | ᠪᠠᠶᠢᠭ᠎ᠠ ᠠᠯᠪᠠᠨ ᠴᠢᠭ᠂ ᠠᠷᠠᠳ ᠤᠨ ᠴᠠᠭᠳᠠᠭ᠎ᠠ ᠪᠠ ᠬᠢᠯᠢ ᠶᠢᠨ ᠬᠠᠮᠠᠭᠠᠯᠠᠭᠴᠢᠳ ᠤᠨ ᠬᠠᠷᠠᠭ᠎ᠠ ᠶᠢ ᠶᠡᠭᠡ ᠪᠠᠷ | ᠨᠡᠭᠡᠭᠡᠭᠳᠡᠭᠦᠯᠵᠦ᠂ ᠲᠤᠬᠠᠢ ᠶᠢᠨ ᠲᠠᠯᠠᠪᠠᠢ ᠳᠤ ᠠᠯᠠᠭ᠎ᠠ ᠲᠠᠰᠢᠯᠳᠠ ᠶᠢᠨ ᠲᠠᠭᠤᠨ᠂ ᠮᠠᠭᠲᠠᠨ ᠰᠠᠶᠢᠰᠢᠶᠠᠬᠤ ᠲᠠᠭᠤᠨ | ᠲᠠᠰᠤᠷᠠᠯᠳᠠ ᠦᠭᠡᠢ ᠰᠣᠨᠣᠰᠳᠠᠪᠠ᠃ ᠮᠠᠨᠳᠤᠯ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠯᠢᠦ | ᠶᠠᠩ᠄ ︽ᠪᠤᠶᠢᠳᠠ ᠭᠠᠵᠠᠷ ᠣᠷᠣᠨ ᠳᠤ ᠥᠨᠳᠥᠷ ᠲᠦᠪᠰᠢᠨ ᠪᠦᠬᠦᠢ ᠲᠣᠭᠯᠠᠯᠲᠠ ᠶᠢ ᠰᠣᠨᠢᠷᠬᠠᠵᠤ᠂ ᠪᠢᠳᠡᠨ ᠳᠤ | ᠡᠬᠡ ᠤᠯᠤᠰ ᠪᠣᠯᠤᠨ ᠠᠷᠠᠳ ᠲᠦᠮᠡᠨ ᠤ ᠬᠠᠶᠢᠷ᠎ᠠ ᠬᠠᠯᠠᠮᠵᠢ ᠶᠢ ᠮᠡᠳᠡᠷᠡᠭᠦᠯᠪᠡ᠂ ᠡᠨᠡ ᠬᠦ ᠬᠠᠯᠠᠭᠤᠨ ᠳᠤᠯᠠᠭᠠᠨ ᠢ | ᠬᠢᠯᠢ ᠬᠢᠵᠠᠭᠠᠷ ᠢ ᠰᠠᠬᠢᠨ ᠬᠠᠮᠠᠭᠠᠯᠠᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ︕︾ ᠭᠡᠵᠦ ᠰᠡᠳᠬᠢᠯ | ᠳᠣᠭᠳᠣᠯᠤᠨ ᠬᠡᠯᠡᠪᠡ᠃ | ᠦᠳᠡ ᠶᠢᠨ ᠬᠤᠶᠢᠨ᠎ᠡ᠂ ᠬᠤᠯᠪᠤᠭ᠎ᠠ ᠥᠪᠡᠷᠲᠡᠭᠡᠨ ᠲᠡᠷᠭᠡ ᠵᠢᠯᠣᠭᠤᠳᠤᠨ ᠵᠤᠭᠠᠴᠠᠬᠤ ᠪᠠᠭᠤᠴᠠᠨ ᠤ | ᠣᠭᠲᠠᠷᠭᠤᠢ ᠳᠤ ᠰᠢᠲᠠᠮ᠎ᠠ ᠨᠠᠷᠠ ᠰᠢᠷᠠᠵᠤ᠂ ᠰᠤᠷᠠᠭ ᠢᠶᠠᠷ ᠬᠦᠷᠦᠯᠴᠡᠨ ᠢᠷᠡᠭᠰᠡᠨ ᠮᠠᠯᠴᠢᠳ ᠪᠡᠯᠴᠢᠭᠡᠷ ᠢᠶᠠᠷ | ᠳᠦᠭᠦᠷᠴᠦ᠂ ᠲᠣᠭᠯᠠᠭᠴᠢᠳ 30 ᠭᠷᠠᠳᠦ᠋ᠰ ᠤᠨ ᠥᠨᠳᠥᠷ ᠬᠠᠯᠠᠭᠤᠨ ᠢ ᠳᠠᠭᠠᠭᠠᠵᠤ ᠲᠣᠭᠯᠠᠯᠲᠠ ᠭᠠᠷᠭᠠᠪᠠ᠃ | ᠨᠡᠪᠲᠡᠷᠡᠭᠦᠯᠭᠡ ᠪᠠᠷ ︽ᠱᠠᠭᠠᠵᠠᠩ ᠲᠤᠯᠤᠨ︾ ᠲᠠᠪᠴᠠᠩ ᠳᠤ ᠭᠠᠷᠴᠤ᠂ ᠬᠥᠬᠡ ᠠᠯᠠᠭ ᠱᠠᠭᠠᠵᠠᠩ ᠲᠣᠭᠯᠠᠭᠴᠢ ᠶᠢᠨ | ᠬᠦᠵᠦᠭᠦᠦ ᠮᠦᠷᠦᠨ ᠳᠡᠭᠡᠷ᠎ᠡ ᠨᠢ ᠤᠷᠪᠠᠨ ᠨᠢᠰᠴᠦ᠂ ᠬᠠᠷ᠎ᠠ ᠬᠥᠬᠡ ᠬᠡ ᠤᠭᠠᠯᠵᠠ ᠨᠢ ᠨᠣᠭᠤᠭᠠᠨ ᠬᠡᠭᠡᠷ᠎ᠡ ᠬᠥᠬᠡ | ᠲᠡᠭᠷᠢ ᠲᠠᠢ ᠠᠪᠴᠠᠯᠳᠤᠨ ᠪᠠᠷᠲᠠᠭᠠᠲᠤ ᠨᠣᠮᠣᠨ ᠱᠤᠭᠤᠮ ᠵᠢᠷᠤᠵᠤ᠂ ᠲᠤᠬᠠᠢ ᠶᠢᠨ ᠲᠠᠯᠠᠪᠠᠢ ᠳᠤ ᠲᠠᠰᠤᠷᠠᠯᠲᠠ ᠦᠭᠡᠢ | ᠰᠣᠴᠢᠨ ᠭᠡᠯᠮᠡᠬᠦ ᠳᠠᠭᠤᠨ ᠭᠠᠷᠴᠤ᠂ ᠨᠢᠵᠢᠭᠢᠨᠡᠲᠡᠯ᠎ᠡ ᠠᠯᠠᠭ᠎ᠠ ᠲᠠᠰᠢᠵᠠᠭᠠᠨᠠ᠃ ᠪᠠᠶᠠᠨᠬᠤᠸᠠ ᠪᠠᠯᠭᠠᠰᠤᠨ ᠤ ᠮᠠᠯᠴᠢᠨ | ᠳᠠᠪᠬᠤᠷᠪᠠᠶᠠᠷ᠄ ︽ᠮᠠᠨ ᠤ ᠭᠡᠷ ᠲᠣᠭᠯᠠᠯᠲᠠ ᠭᠠᠵᠠᠷ ᠠᠴᠠ ᠪᠠᠨ 30 ᠭᠠᠷᠤᠶ ᠺᠢᠯᠤᠮᠧᠲᠷ ᠵᠠᠶᠢᠲᠠᠶ᠂ ᠪᠢ | ᠣᠨᠴᠠᠭᠠᠶᠢᠯᠠᠨ ᠲᠣᠭᠯᠠᠯᠲᠠ ᠦᠵᠡᠬᠦ ᠪᠠᠷ ᠢᠷᠡᠭᠰᠡᠨ᠂ ᠥᠩᠭᠡᠷᠡᠭᠰᠡᠨ ᠳᠤ ᠡᠶᠢᠮᠦᠷᠬᠦ ᠲᠣᠭᠯᠠᠯᠲᠠ ᠶᠢ ᠵᠥᠪᠬᠡᠨ | ᠬᠤᠲᠠ ᠳᠤ ᠣᠯᠵᠤ ᠦᠵᠡᠳᠡᠭ᠂ ᠥᠨᠥᠳᠥᠷ ᠮᠠᠨ ᠤ ᠲᠠᠯ᠎ᠠ ᠨᠤᠲᠤᠭ ᠲᠤ ᠴᠤ ᠣᠯᠵᠤ ᠦᠵᠡᠬᠦ ᠪᠣᠯᠤᠭᠰᠠᠨ᠂ ᠮᠠᠰᠢ | ᠰᠡᠳᠬᠢᠯ ᠳᠣᠭᠳᠣᠯᠵᠤ ᠪᠠᠶᠢᠨ᠎ᠠ᠂ ᠥᠨᠥᠳᠦᠷ ᠶᠠᠭ ᠯᠠ ᠨᠠᠭᠠᠳᠤᠮ ᠤᠨ ᠬᠤᠷᠠᠯ ᠬᠢᠭᠰᠡᠨ ᠰᠢᠭ ᠬᠥᠷ | ᠬᠥᠭᠵᠢᠶᠡᠨ ᠲᠠᠢ ᠪᠠᠶᠢᠨ᠎ᠠ᠃︾ ᠭᠡᠵᠦ ᠬᠡᠯᠡᠪᠡ᠃ | ᠱᠠᠭᠠᠵᠠᠩ ᠪᠠᠶᠠᠷ ᠪᠠᠭ᠋ᠠᠳᠤᠯ ᠤᠨ ᠲᠤᠮᠳᠠ ᠲᠤᠭᠳᠠᠪᠤᠷᠢᠳᠠᠢ ᠪᠠᠭᠤᠬᠤ ᠳᠤ᠂ ᠡᠨᠡ ᠤᠳᠠᠭᠠᠨ ᠤ ᠬᠤᠳᠠ | ᠬᠦᠳᠡᠭᠡ ᠶᠢ ᠨᠡᠪᠲᠡᠷᠡᠭᠦᠯᠦᠭᠰᠡᠨ᠂ ᠴᠡᠷᠢᠭ ᠠᠷᠠᠳ ᠢ ᠬᠤᠯᠪᠤᠭᠠᠯᠠᠭᠰᠠᠨ ᠤᠷᠠᠯᠢᠭ ᠤᠨ ᠲᠤᠭᠯᠠᠯᠳᠠ ᠨᠢ ᠨᠢᠭᠡᠨᠳᠡ | ᠤᠮᠠᠷᠠᠳᠤ ᠬᠢᠯᠢ ᠶᠢᠨ ᠰᠤᠶᠤᠯ ᠤᠨ ᠠᠵᠢᠯᠯᠠᠭ᠎ᠠ ᠶᠢᠨ ᠤᠯᠠᠷᠢᠯ ᠳᠤ ᠲᠦᠷᠰᠦᠯᠡᠨ ᠵᠢᠷᠤᠭᠯᠠᠭᠰᠠᠨ ᠲᠠᠶᠢᠯᠪᠤᠷᠢ | ᠬᠠᠳᠠᠭᠰᠠᠨ ᠪᠠᠶᠢᠨ᠎ᠠ᠃ ᠲᠠᠶᠢᠰᠠᠨ ᠠᠴᠠ ᠬᠠᠷᠠᠭᠤᠯ ᠤᠨ ᠭᠠᠵᠠᠷ ᠬᠦᠷᠲᠡᠯ᠎ᠡ᠂ ᠬᠤᠲᠠ ᠠᠴᠠ ᠲᠠᠯ᠎ᠠ ᠨᠤᠲᠤᠭ | ᠬᠦᠷᠲᠡᠯ᠎ᠡ᠂ ᠼᠢᠷᠺ ᠤᠨ ᠤᠷᠠᠯᠢᠭ ᠨᠢ ᠰᠣᠶᠣᠯ ᠤᠨ ᠤᠯᠠᠮᠵᠢᠯᠠᠯ ᠪᠣᠯᠤᠨ ᠠᠷᠠᠳ ᠤᠨ ᠬᠠᠯᠠᠭᠤᠨ ᠪᠦᠯᠢᠶᠡᠨ ᠢ | ᠬᠤᠯᠪᠤᠭᠠᠯᠠᠭᠰᠠᠨ ᠬᠤᠯᠪᠣᠭᠠᠰᠤ ᠮᠡᠲᠦ᠂ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠡᠮᠳᠡᠭ ᠢ ᠠᠷᠠᠳ ᠲᠤ | ᠠᠰᠢᠭ ᠬᠦᠷᠲᠡᠭᠡᠬᠦ ᠬᠥᠷᠥᠰᠥ ᠰᠢᠷᠣᠶ ᠳᠤ ᠦᠨᠳᠦᠰᠦᠯᠡᠭᠦᠯᠵᠦ ᠤᠷᠭᠤᠭᠤᠯᠤᠨ᠂ ᠨᠠᠩ ᠴᠤ ᠬᠢᠯᠢ ᠬᠢᠵᠠᠭᠠᠷ ᠤᠨ ᠡᠬᠡ | ᠭᠠᠵᠠᠷ ᠲᠤ ᠳᠤᠮᠳᠠᠳᠤ ᠶᠢᠨ ᠰᠣᠶᠣᠯ ᠤᠨ ᠴᠡᠴᠡᠭᠯᠡᠯ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ |