ᠥᠪᠥᠷ ᠮᠣᠩᠭᠤᠯ ᠤᠨ ᠠᠩᠬᠠᠳᠠᠭᠴᠢ ᠪᠦᠯᠦᠭ ︽ᠵᠢᠭᠤᠯᠴᠢᠯᠠᠯ ᠤᠨ ᠨᠡᠷᠡᠲᠦ ᠰᠢᠶᠠᠨ︾ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠠᠨ ᠳᠤ ᠳᠣᠯᠣᠳᠤᠭᠠᠷ ᠲᠠᠯᠠᠪᠠᠢ ᠶᠢᠨ ᠰᠡᠳᠭᠢᠯ ᠤᠨ ᠳᠣᠭᠳᠣᠯᠣᠯ ᠬᠦᠷᠭᠡᠶ᠎ᠡ
ᠨᠡᠶᠢᠲᠡᠯᠡᠭᠰᠡᠨ ᠴᠠᠭ᠄
2025/7/4
      ᠣᠶᠢᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠱᠢᠭᠤ ᠥᠪᠥᠷ ᠮᠣᠩᠭᠤᠯ ᠤᠨ ᠠᠩᠬᠠᠳᠠᠭᠴᠢ ᠪᠦᠯᠦᠭ ︽ᠵᠢᠭᠤᠯᠴᠢᠯᠠᠯ ᠤᠨ ᠨᠡᠷᠡᠲᠦ ᠱᠢᠶᠠᠨ︾ ᠤ ᠠᠯᠳᠠᠷ ᠢ ᠬᠦᠷᠲᠡᠵᠦ᠂ ᠥᠷᠭᠡᠨ ᠠᠭᠤᠳᠠᠮ ᠲᠠᠯ᠎ᠠ ᠨᠤᠲᠤᠭ ᠤᠨ ᠥᠩᠭᠡ ᠲᠥᠷᠬᠦ ᠶᠢ ᠭᠠᠷᠭᠠᠪᠠᠯ᠂ ᠪᠠᠶᠠᠯᠢᠭ ᠰᠠᠶᠢᠬᠠᠨ ᠰᠣᠶᠣᠯ ᠵᠢᠭᠤᠯᠴᠢᠯᠠᠯ ᠤᠨ ᠠᠵᠢᠯᠯᠠᠭ᠎ᠠ ᠴᠤ ᠵᠢᠭᠤᠯᠴᠢᠯᠠᠭᠴᠢᠳ ᠢ ᠪᠠᠶᠠᠷ ᠬᠥᠷ ᠲᠠᠢ ᠪᠠᠷ ᠢᠷᠡᠭᠦᠯᠪᠡ᠃ 6 ᠳ᠋ᠤᠭᠠᠷ ᠰᠠᠷ᠎ᠠ ᠶᠢᠨ 28 ᠤ ᠡᠳᠦᠷ᠂ ᠪᠠᠲᠤᠬᠠᠭᠠᠯᠭ᠎ᠠ ᠶᠢᠨ ᠨᠠᠭᠠᠳᠤᠮ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠮᠣᠷᠢᠨ ᠤᠷᠤᠯᠳᠤᠭᠠᠨ ᠤ ︽ᠲᠣᠰᠬᠤᠨ ᠬᠡᠲᠦ ᠳᠡᠯᠭᠡᠭᠦᠷ︾ ᠨᠢ ᠵᠢᠭᠤᠯᠴᠢᠯᠠᠭᠴᠢᠳ ᠲᠤ ᠳᠣᠯᠣᠳᠤᠭᠠᠷ ᠲᠠᠯᠠᠪᠠᠢ ᠶᠢᠨ ᠰᠡᠳᠬᠢᠯ ᠤᠨ ᠳᠣᠭᠳᠣᠯᠣᠯ ᠢ ᠬᠦᠷᠭᠡᠪᠡ᠃      ᠬᠥᠬᠡ ᠲᠡᠭᠷᠢ ᠴᠠᠭᠠᠨ ᠡᠭᠦᠯᠡᠨ ᠤ ᠳᠣᠣᠷ᠎ᠠ ᠠᠭᠲᠠ ᠮᠣᠷᠢ ᠪᠠᠷ ᠳᠡᠭᠦᠯᠢᠨ ᠳᠠᠪᠬᠢᠬᠤ ᠭᠱᠠᠨ ᠵᠠᠭᠤᠷ᠎ᠠ ᠲᠠᠯ᠎ᠠ ᠨᠤᠲᠤᠭ ᠤᠨ ᠵᠤᠨ ᠤ ᠤᠯᠠᠷᠢᠯ ᠢ ᠨᠣᠴᠣᠭᠠᠪᠠ᠃ ᠤᠤᠭᠠᠯ ᠠᠮᠲᠠ ᠲᠠᠢ ︽ᠬᠤᠯᠪᠣᠭ᠎ᠠ᠄ ᠴᠠᠭᠠᠨ ᠮᠣᠷᠢᠨ ᠤ ᠮᠠᠭᠲᠠᠭᠠᠯ︾ ᠢ ᠰᠣᠨᠣᠰᠴᠤ︔ ᠰᠡᠳᠬᠢᠯ ᠳᠣᠭᠳᠣᠯᠤᠮ᠎ᠠ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠣᠷᠣᠭᠤᠯᠣᠭᠰᠠᠨ︾ ᠭᠡᠬᠦ ᠦᠵᠡᠭᠳᠡᠯᠲᠦ ᠵᠦᠴᠦᠭᠡ ᠶᠢ ᠰᠣᠨᠢᠷᠬᠠᠵᠤ︔ ᠥᠪᠡᠷᠮᠢᠴᠡ ᠣᠨᠴᠠᠯᠢᠭ ᠲᠠᠢ ᠲᠠᠯ᠎ᠠ ᠨᠤᠲᠤᠭ ᠤᠨ ᠠᠮᠲᠠᠲᠤ ᠢᠳᠡᠭᠡᠨ ᠢ ᠠᠮᠲᠠᠯᠠᠨ᠎ᠠ᠃ ᠲᠤᠬᠠᠶ ᠶᠢᠨ ᠲᠠᠯᠠᠪᠠᠶ ᠳᠤ ᠬᠥᠮᠦᠨ ᠢ ᠰᠣᠴᠢᠭᠠᠮ᠎ᠠ ᠮᠣᠷᠢᠨ ᠮᠡᠷᠭᠡᠵᠢᠯ ᠤᠨ ᠲᠣᠭᠯᠠᠯᠲᠠ ᠭᠠᠷᠭᠠᠪᠠ᠃ ᠤᠷ᠎ᠠ ᠮᠡᠷᠭᠡᠵᠢᠯ ᠨᠢ ᠭᠤᠶᠢᠳᠠ ᠰᠠᠶᠢᠬᠠᠨ ᠮᠣᠷᠢᠲᠠᠳ ᠮᠣᠷᠢᠨ ᠨᠢᠷᠤᠭᠤᠨ ᠳᠡᠭᠡᠷ᠎ᠡ ᠬᠤᠯᠢᠯᠳᠤᠨ ᠰᠢᠯᠪᠢᠵᠦ᠂ ᠮᠣᠷᠢ ᠪᠠᠨ ᠲᠠᠰᠢᠭᠤᠷᠳᠠᠨ ᠳᠠᠪᠬᠢᠭᠤᠯᠵᠤ᠂ ᠳᠣᠪᠲᠣᠯᠣᠨ ᠳᠠᠪᠬᠢᠭᠤᠯᠬᠤ ᠳᠤᠮᠳᠠ ᠪᠡᠶ᠎ᠡ ᠪᠦᠬᠦᠶᠢᠨ ᠬᠠᠳᠠᠭ ᠲᠡᠭᠦᠵᠦ᠂ ᠴᠡᠴᠡᠭᠲᠦ ᠰᠠᠭᠰᠤ ᠶᠢ ᠳᠡᠮ ᠲᠠᠢ ᠪᠤᠯᠢᠶᠠᠵᠤ᠂ ᠡᠷᠡᠯᠬᠡᠭ ᠠᠪᠢᠶᠠᠰ ᠴᠢᠳᠠᠪᠤᠷᠢ ᠪᠠᠨ ᠢᠯᠡᠷᠡᠭᠦᠯᠪᠡ᠃ ︽ᠮᠣᠷᠢᠨ ᠨᠢᠷᠤᠭᠤᠨ ᠳᠡᠭᠡᠷ᠎ᠡ ᠨᠣᠮᠤ ᠰᠤᠮᠤ ᠬᠠᠷᠪᠤᠭᠰᠠᠨ︾  ᠨᠢ ᠠᠭᠤᠷ ᠠᠮᠢᠰᠬᠤᠯ ᠢ ᠨᠡᠩ ᠣᠷᠭᠢᠯ ᠳᠤ ᠬᠦᠷᠭᠡᠵᠦ᠂ ᠮᠣᠷᠢᠲᠠᠳ ᠵᠠᠭᠤᠨ ᠮᠧᠲᠷ ᠤᠨ ᠰᠢᠪᠲᠤᠯᠤᠯᠲᠠ ᠶᠢᠨ ᠳᠤᠮᠳᠠ ᠨᠣᠮᠣ ᠪᠠᠨ ᠲᠡᠯᠡᠵᠦ ᠰᠤᠮᠤ ᠪᠠᠨ ᠣᠨᠢᠯᠠᠵᠤ᠂ ᠫᠠᠢ ᠶᠢᠨ ᠭᠤᠣᠯ ᠳᠤ ᠬᠠᠷᠪᠤᠵᠤ ᠢ ᠵᠠᠭᠤᠨ ᠠᠯᠬᠤᠮ ᠢᠶᠠᠷ ᠲᠤᠭᠤᠯᠤᠭᠰᠠᠨ ᠰᠤᠮᠤᠨ ᠮᠡᠷᠭᠡᠵᠢᠯ ᠨᠢ ᠬᠡᠰᠡᠭ ᠬᠡᠰᠡᠭ ᠮᠠᠭᠲᠠᠭᠠᠯ ᠰᠠᠶᠢᠰᠢᠶᠠᠯ ᠢ ᠣᠯᠵᠤ᠂ ᠲᠠᠯ᠎ᠠ ᠨᠤᠲᠤᠭ ᠤᠨ ᠰᠣᠶᠣᠯ ᠤᠨ ᠬᠦᠴᠦᠨ ᠪᠠ ᠭᠤᠸ᠎ᠠ ᠰᠠᠶᠢᠬᠠᠨ ᠢ ᠠᠮᠢᠳᠤᠯᠢᠭ ᠢᠶᠠᠷ ᠢᠯᠡᠷᠡᠭᠦᠯᠦᠭᠰᠡᠨ ᠪᠠᠶᠢᠨ᠎ᠠ᠃      ᠳᠠᠷᠠᠭ᠎ᠠ ᠨᠢ ᠵᠢᠭᠤᠯᠴᠢᠯᠠᠭᠴᠢᠳ ᠤᠷᠤᠯᠳᠤᠭᠠᠨ ᠤ ᠵᠠᠮ ᠤᠨ ᠬᠠᠵᠠᠭᠤ ᠳᠤ ᠬᠦᠷᠴᠦ᠂ ᠲᠣᠯᠤᠭᠠᠢ ᠦᠨᠳᠡᠶᠢᠨ ᠳᠠᠷᠠᠭᠠᠴᠢ ᠶᠢᠨ ᠤᠷᠤᠯᠳᠤᠭᠠᠨ ᠤ ᠶᠠᠪᠤᠳᠠᠯ ᠢ ᠬᠦᠯᠢᠶᠡᠨ ᠪᠠᠷᠠᠯᠠᠨ᠎ᠠ᠃ ᠳᠣᠬᠢᠶᠠᠨ ᠫᠤᠤ ᠳᠤᠤᠭᠠᠷᠬᠤ ᠶᠢᠨ ᠭᠱᠠᠨ᠂ ᠬᠡᠳᠦᠨ ᠠᠷᠪᠠᠨ ᠮᠣᠷᠢ ᠬᠥᠪᠴᠢ ᠠᠴᠠ ᠰᠠᠯᠤᠭᠰᠠᠨ ᠰᠤᠮᠤ ᠮᠡᠲᠦ ᠰᠢᠪᠲᠤᠷᠤᠨ ᠭᠠᠷᠴᠤ  ᠮᠣᠷᠢᠨ ᠲᠤᠭᠤᠷᠠᠢ ᠬᠡᠰᠡᠭ ᠬᠡᠰᠡᠭ ᠲᠣᠭᠤᠰᠤ ᠮᠠᠨᠠᠷᠠᠭᠤᠯᠤᠨ᠎ᠠ᠃ ᠬᠤᠷᠳᠤᠴᠠ ᠶᠢᠨ ᠲᠦᠷᠦᠯ ᠤᠨ ᠦᠷᠢᠰᠦᠯᠳᠦᠭᠡᠨ ᠳᠤᠮᠳᠠ ᠮᠣᠷᠢᠲᠠᠳ ᠡᠰᠡᠪᠡᠯ ᠪᠡᠶ᠎ᠡ ᠪᠥᠬᠦ᠋ᠢᠨ ᠮᠣᠷᠢ ᠲᠠᠢ ᠪᠠᠨ ᠨᠠᠭᠠᠯᠳᠤᠨ᠎ᠠ᠂ ᠡᠰᠡᠪᠡᠯ ᠲᠠᠰᠢᠭᠤᠷ ᠡᠷᠭᠢᠭᠦᠯᠦᠨ ᠬᠠᠰᠭᠢᠷᠤᠨ᠎ᠠ᠂ ᠮᠣᠷᠢᠨ ᠤ ᠲᠤᠭᠤᠷᠠᠢ ᠭᠠᠵᠠᠷ ᠭᠢᠰᠭᠢᠯᠡᠬᠦ ᠳᠠᠭᠤᠨ ᠨᠢ ᠬᠡᠩᠭᠡᠷᠭᠡ ᠶᠢᠨ ᠠᠶᠢᠵᠠᠮ ᠴᠣᠬᠢᠯᠭ᠎ᠠ ᠮᠡᠲᠦ ᠨᠢᠭᠲᠠᠷᠠᠵᠠᠢ᠃ ᠵᠢᠷᠤᠭ᠎ᠠ ᠮᠣᠷᠢᠨ ᠤ ᠵᠦᠢᠯ ᠳᠣᠮᠲᠠ᠂ ᠮᠣᠷᠢᠲᠠᠳ ᠮᠣᠷᠢᠨ ᠨᠢᠷᠤᠭᠤᠨ ᠳᠡᠭᠡᠷ᠎ᠡ ᠲᠥᠪ ᠰᠠᠭᠤᠵᠤ᠂ ᠰᠠᠣᠠᠭᠢᠯᠭᠡ ᠪᠠᠨ ᠲᠥᠪᠯᠡᠷᠡᠭᠦᠯᠦᠨ᠂ ᠣᠷᠣᠯᠲᠣᠭᠠᠨ ᠳᠤ ᠣᠷᠣᠯᠴᠠᠵᠤ ᠪᠠᠶᠢᠭ᠎ᠠ ᠮᠣᠷᠢ ᠲᠣᠯᠤᠭᠠᠢ ᠭᠡᠳᠡᠶᠢᠨ ᠴᠡᠭᠡᠵᠢ ᠲᠡᠨᠢᠢᠵᠦ᠂ ᠳᠦᠷᠢ ᠲᠦᠯᠦᠪ ᠢᠷᠠᠭᠤ ᠰᠠᠶᠢᠬᠠᠨ᠃ ᠤᠳᠠᠭ᠎ᠠ ᠪᠦᠷᠢ ᠶᠢᠨ ᠰᠢᠪᠲᠤᠯᠤᠯᠲᠠ ᠨᠢ ᠴᠥᠮ ᠬᠥᠮᠦᠰ ᠤᠨ ᠰᠡᠳᠬᠢᠯ ᠢ ᠳᠣᠭᠳᠣᠯᠤᠭᠤᠯᠵᠤ᠂ ᠦᠵᠡᠭᠴᠢᠳ ᠪᠠᠶᠢᠨ ᠪᠠᠶᠢᠨ ᠬᠠᠯᠠᠭᠤᠨ ᠠᠯᠠᠭ᠎ᠠ ᠲᠠᠰᠢᠨ ᠮᠠᠭᠲᠠᠭᠠᠯ ᠰᠠᠶᠢᠰᠢᠶᠠᠯ ᠡᠷᠭᠦᠨ᠎ᠡ᠃ ᠣᠶᠢᠯᠠᠭᠠᠭᠰᠠᠨ ᠢᠶᠠᠷ᠂ ᠲᠤᠰ ᠲᠠᠯᠠᠪᠤᠷ ᠤᠨ ᠤᠷᠤᠯᠳᠤᠭᠠᠨ ᠨᠢ ︵1.45 ᠮᠧᠲᠷ ᠠᠴᠠ ᠳᠡᠭᠡᠭᠰᠢ︶ ᠬᠤᠷᠳᠤᠨ ᠮᠣᠷᠢ 4800 ᠮᠧᠲᠷ᠂ ᠶᠠᠪᠠᠭᠠᠨ ᠮᠣᠷᠢ ︵1.40 ᠮᠧᠲᠷ ᠠᠴᠠ ᠳᠡᠭᠡᠭᠰᠢ︶ 4800 ᠮᠧᠲᠷ᠂ ᠢᠷᠪᠢᠰ ᠠᠯᠠᠭ ᠮᠣᠷᠢ ︵1.45 ᠮᠧᠲᠷ ᠠᠴᠠ ᠳᠣᠷᠣᠭᠰᠢ︶ 4800 ᠮᠧᠲᠷ᠂ ᠬᠤᠷᠳᠤᠨ ᠮᠣᠷᠢ 4800 ᠮᠧᠲᠷ᠂ ᠵᠢᠷᠤᠭ᠎ᠠ ᠮᠣᠷᠢ ︵1.40 ᠮᠧᠲᠷ ᠠᠴᠠ ᠳᠣᠷᠣᠭᠰᠢ︶ 4800 ᠮᠧᠲᠷ᠂ ︵1.40-1.45 ᠮᠧᠲᠷ ᠤᠨ︶ ᠬᠤᠷᠳᠤᠨ ᠮᠣᠷᠢ 4 800 ᠮᠧᠲᠷ ᠪᠠᠶᠢᠳᠠᠭ᠃      ᠡᠭᠦᠨ ᠤ ᠬᠠᠮᠲᠤ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠠᠪᠴᠢᠷᠠᠭᠰᠠᠨ ᠭᠤᠶᠢᠳᠠ ᠰᠠᠶᠢᠬᠠᠨ ᠤᠷᠠᠯᠢᠭ ᠤᠨ ᠲᠣᠭᠯᠠᠯᠲᠠ ᠪᠠ ᠰᠣᠨᠢᠷᠬᠠᠯᠲᠠᠶ ᠰᠣᠶᠣᠯ ᠵᠢᠭᠤᠯᠴᠢᠯᠠᠯ ᠤᠨ ᠲᠥᠷᠥᠯ ᠵᠦᠢᠯ ᠪᠣᠶ᠃ ᠵᠢᠭᠤᠯᠴᠢᠯᠠᠭᠴᠢᠳ ᠲᠡᠮᠡᠭᠡᠨ ᠬᠢᠷᠭᠤᠤᠯ᠂ ᠬᠤᠨᠢᠨ ᠲᠡᠮᠡᠭᠡ ᠲᠠᠢ ᠣᠶᠢᠷᠠᠲᠤᠵᠤ ᠬᠦᠷᠦᠯᠴᠡᠵᠦ᠂ ᠣᠯᠠᠨ ᠲᠦᠮᠡᠨ ᠲᠠᠢ ᠣᠶᠢᠷᠠᠳᠬᠤ ᠬᠤᠨᠢᠨ ᠤ ᠬᠦᠵᠦᠭᠦᠦ ᠪᠠᠭᠤᠯᠭᠠᠬᠤ᠂ ᠬᠦᠪᠦᠷ ᠮᠣᠳᠣ ᠪᠠᠷᠢᠬᠤ ᠤᠷᠤᠯᠳᠤᠭᠠᠨ ᠢ ᠪᠡᠶᠡᠴᠢᠯᠡᠨ ᠣᠶᠢᠯᠠᠭᠠᠵᠤ᠂ ᠣᠷᠣᠨ ᠨᠤᠲᠤᠭ ᠤᠨ ᠤᠨᠴᠠᠯᠢᠬᠳᠤ ᠪᠦᠲᠦᠭᠡᠭᠳᠡᠬᠦᠨ ᠢᠶᠠᠨ ᠳᠡᠯᠭᠡᠨ ᠦᠵᠡᠭᠦᠯᠬᠦ ᠲᠣᠭᠤᠷᠢᠭ ᠲᠤ ᠨᠢᠳᠦ ᠳᠦᠭᠦᠷᠡᠩ ᠲᠠᠯ᠎ᠠ ᠨᠤᠲᠤᠭ ᠤᠨ ᠰᠠᠶᠢᠨ ᠰᠠᠶᠢᠬᠠᠨ ᠪᠣᠳᠠᠰ ᠢ ᠰᠣᠩᠭᠤᠨ᠎ᠠ᠃ ᠵᠢᠭᠤᠯᠴᠢᠯᠠᠭᠴᠢᠳ ᠤᠷᠤᠯᠳᠤᠭᠠᠨ ᠤ ᠪᠡᠶ᠎ᠡ ᠶᠢᠨ ᠲᠠᠮᠢᠷ ᠤᠨ ᠣᠷᠭᠢᠯᠤᠮ᠎ᠠ ᠰᠡᠳᠬᠢᠯᠭᠡ ᠶᠢ ᠭᠦᠢᠴᠡᠳ ᠡᠳ᠋ᠯᠡᠬᠦ ᠶᠢᠨ ᠬᠠᠮᠲᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠢᠷᠭᠡᠨᠰᠢᠯ ᠤᠨ ᠴᠤᠭ ᠵᠢᠪᠬᠤᠭ᠎ᠠ ᠶᠢ ᠭᠦᠨᠵᠡᠭᠡᠶ ᠣᠶᠢᠯᠠᠭᠠᠵᠤ ᠴᠢᠳᠠᠨ᠎ᠠ᠃ ︽ᠥᠨᠥᠳᠦᠷ ᠪᠢ ᠬᠡᠦᠬᠡᠳ ᠢᠶᠠᠨ ᠳᠠᠭᠠᠭᠤᠯᠵᠤ ᠨᠠᠭᠠᠳᠤᠮ ᠤᠨ ᠬᠤᠷᠠᠯ ᠤᠨ ᠲᠠᠯᠠᠪᠠᠢ ᠳᠤ ᠬᠦᠷᠴᠦ ︿ᠬᠦᠳᠡᠭᠡ ᠲᠣᠰᠬᠤᠨ ᠤ ᠬᠡᠳᠦ ᠳᠡᠰ ᠤᠨ﹀ ᠮᠣᠷᠢ ᠤᠷᠤᠯᠳᠤᠬᠤ ᠬᠤᠯᠪᠤᠭᠠᠲᠤ ᠤᠷᠤᠯᠳᠤᠭᠠᠨ ᠢ ᠰᠣᠨᠢᠷᠬᠠᠵᠤ᠂ ᠲᠤᠬᠠᠢ ᠶᠢᠨ ᠲᠠᠯᠠᠪᠠᠢ ᠳᠤ ᠮᠠᠰᠢ ᠰᠣᠨᠢᠷᠬᠠᠯᠲᠠᠢ ᠬᠥᠳᠡᠯᠭᠡᠭᠡᠨ ᠪᠠᠶᠢᠵᠤ᠂ ᠬᠡᠦᠬᠡᠳ ᠢᠶᠠᠨ ᠳᠠᠭᠠᠭᠤᠯᠤᠨ ᠲᠡᠮᠡᠭᠡᠨ ᠬᠢᠷᠭᠤᠣᠯ᠂ ᠬᠤᠨᠢᠨ ᠲᠡᠮᠡᠭᠡ ᠰᠣᠨᠢᠷᠬᠠᠵᠤ᠂ ᠬᠡᠦᠬᠡᠳ ᠮᠠᠰᠢ ᠪᠠᠭ᠋ᠠᠲᠠᠢ᠂ ᠪᠢᠳᠡ ᠪᠠᠰᠠ ᠮᠣᠷᠢ ᠤᠨᠤᠵᠤ᠂ ᠮᠣᠷᠢ ᠤᠷᠤᠯᠳᠤᠬᠤ ᠶᠢ ᠦᠵᠡᠪᠡ᠂ ᠡᠶᠢᠮᠦ ᠬᠥᠳᠡᠯᠭᠡᠭᠡᠨ ᠨᠢ ᠮᠠᠨ ᠤ ᠭᠠᠷᠠᠭ ᠤᠨ ᠰᠡᠭᠦᠯᠴᠢ ᠶᠢ ᠤᠯᠠᠮ ᠨᠢᠭᠡ ᠠᠯᠬᠤᠮ ᠪᠠᠶᠠᠯᠢᠭᠵᠢᠭᠤᠯᠪᠠ᠃︾ ᠭᠡᠵᠦ ᠵᠢᠭᠤᠯᠴᠢᠯᠠᠭᠴᠢ ᠰᠡᠴᠡᠨ ᠬᠡᠯᠡᠪᠡ᠃      ᠪᠠᠶ᠋ᠬᠠᠤᠪᠤᠭ᠎ᠠ ᠰᠤᠮᠤ ᠶᠢᠨ ᠨᠠᠮ ᠤᠨ ᠬᠤᠷᠢᠶᠠᠨ ᠤ ᠱᠦᠵᠢ ᠱᠢ ᡁᠢ ᠵᠦᠩ᠄ ︽ᠲᠤᠰ ᠲᠠᠯᠠᠪᠠᠢ ︿ᠬᠦᠳᠡᠭᠡ ᠲᠣᠰᠬᠤᠨ ᠤ ᠬᠡᠳᠦ ᠳᠡᠰ ᠤᠨ﹀ ᠮᠣᠷᠢ ᠤᠷᠤᠯᠳᠤᠬᠤ ᠬᠤᠯᠪᠤᠭᠠᠲᠤ ᠤᠷᠤᠯᠳᠤᠭᠠᠨ ︾ ᠨᠢ ᠦᠨᠳᠦᠰᠦᠲᠡᠨ ᠤ ᠰᠣᠶᠣᠯ᠂ ᠤᠯᠠᠨ ᠲᠦᠮᠡᠨ ᠤ ᠤᠷᠤᠯᠳᠤᠭᠠᠨ ᠤ ᠶᠠᠪᠤᠳᠠᠯ᠂ ᠲᠤᠬᠠᠢ ᠶᠢᠨ ᠭᠠᠵᠠᠷ ᠤᠨ ᠤᠨᠴᠠᠯᠢᠬᠳᠤ ᠠᠮᠲᠠᠲᠤ ᠢᠳᠡᠭᠡᠨ ᠢ ᠨᠢᠭᠡ ᠴᠤᠬᠴᠠᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠮᠣᠷᠢ ᠤᠷᠤᠯᠳᠤᠬᠤ᠂ ᠳᠠᠭᠤᠯᠠᠵᠤ ᠪᠥᠵᠢᠭᠯᠡᠬᠦ᠂ ᠠᠮᠲᠠᠲᠤ ᠢᠳᠡᠭᠡᠨ ᠢᠶᠠᠷ ᠰᠡᠳᠭᠢᠯᠭᠡ ᠶᠢ ᠤᠮᠳᠠᠯᠠᠬᠤ ᠪᠠᠷ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠬᠦ ᠶᠢ ᠠᠬᠢᠭᠤᠯᠬᠤ ᠶᠢᠨ ᠬᠠᠮᠲᠤ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠲᠦᠮᠡᠨ ᠤ ᠰᠣᠶᠣᠯ ᠢ ᠮᠡᠳᠡᠷᠡᠬᠦ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠣᠶᠣᠯ ᠤᠨ ᠢᠲᠡᠭᠡᠯ ᠢ ᠪᠤᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠲᠥᠯᠥᠭᠡ ᠦᠷᠭᠦᠯᠵᠢᠯᠡᠨ ᠬᠦᠴᠦᠯᠡᠨ᠎ᠡ︾ ᠭᠡᠵᠦ ᠬᠡᠯᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号