7ᠰᠠᠷ᠎ᠠ ᠶᠢᠨ 13 ᠤ ᠡᠳᠦᠷ ᠳᠠᠷᠬᠠᠨ ᠮᠤᠤᠮᠢᠩᠭᠠᠨ  ᠳᠤ ᠢᠷᠡᠵᠦ  « ᠤᠮᠠᠷᠠᠲᠤ ᠬᠢᠯᠢ ᠳᠤ ᠳᠡᠭᠦᠯᠢᠨ ᠨᠢᠰᠴᠤ᠂ ᠴᠡᠭᠡ ᠶᠢᠨ ᠠᠩᠬᠢᠯᠤᠮ᠎ᠠ ᠦᠨᠤᠷ ᠬᠠᠩᠬᠤᠯᠬᠤ  » ᠢ  ᠪᠡᠶᠡᠴᠢᠯᠡᠨ ᠤᠶᠢᠯᠠᠭᠠᠶ᠎ᠠ
ᠨᠡᠶᠢᠲᠡᠯᠡᠭᠰᠡᠨ ᠴᠠᠭ᠄
2025/7/8
071113417nv4.jpg     
      ᠮᠤᠷᠢ ᠤᠨᠤᠨ ᠦᠦᠷ ᠤᠨ ᠭᠡᠭᠡ  ᠶᠢ ᠤᠭᠳᠤᠬᠤ ᠳᠤ᠂ ᠠᠩᠭᠢᠯᠤᠮ᠎ᠠ ᠰᠠᠶᠢᠬᠠᠨ ᠴᠡᠭᠡ ᠶᠢᠨ  ᠦᠨᠦᠷ ᠰᠡᠩᠬᠢᠨᠡᠨ᠎ᠡ᠃      ᠲᠠᠯ᠎ᠠ ᠨᠤᠲᠤᠭ ᠲᠤ ᠨᠢᠭᠡ ᠤᠳᠠᠭᠠᠨ ᠤ  ᠦᠪᠡᠳᠡᠭᠰᠢ ᠶᠡᠭᠡ ᠴᠤᠭᠯᠠᠭᠠᠨ ᠤᠳᠠᠯ ᠦᠭᠡᠢ ᠡᠬᠢᠯᠡᠬᠦ  ᠪᠠᠷ ᠪᠣᠯᠤᠯ᠎ᠠ︕      2025 ᠤᠨ ᠳᠤ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ︽  ᠭᠠᠴᠠᠭᠠᠨ ᠤ ᠰᠢᠭᠰᠢᠶ᠎ᠡ︾  ᠬᠤᠯᠪᠤᠭᠠᠳᠤ ᠮᠤᠷᠢᠨ‌ᠤᠷᠤᠯᠳᠤᠭᠠᠨ ᠵᠢᠴᠢ ᠳᠠᠷᠬᠠᠨ ᠰᠤᠮᠤ ᠶᠢᠨ ᠠᠷᠪᠠᠳᠤᠭᠠᠷ ᠬᠤᠭᠤᠴᠠᠭᠠᠨ ᠤ ︽ᠴᠡᠭᠡ︾ ᠰᠣᠶᠣᠯ ᠤᠨ ᠨᠠᠭᠠᠳᠤᠮ      7 ᠰᠠᠷ᠎ᠠ ᠶᠢᠨ 13 ᠤ ᠡᠳᠦᠷ      ᠪᠠᠲᠤᠬᠠᠭᠠᠯᠭ᠎ᠠ ᠶᠢᠨ ᠨᠠᠭᠠᠳᠤᠮ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠶᠠᠪᠤᠭᠳᠠᠬᠤ ᠪᠠᠷ ᠲᠠ ᠪᠦᠬᠦᠨ ᠢ ᠤᠷᠢᠵᠤ ᠪᠠᠶᠢᠨ᠎ᠠ ︕      ᠴᠠᠭ᠄ 2025 ᠣᠨ ᠤ 7 ᠰᠠᠷ᠎ᠠ ᠶᠢᠨ 13 ᠤ ᠡᠳᠦᠷ ︵ᠭᠠᠷᠠᠭ ᠤᠨ ᠡᠳᠦᠷ︶      ᠭᠠᠵᠠᠷ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠳᠤᠬᠠᠭᠠᠯᠭ᠎ᠠ ᠶᠢᠨ ᠨᠠᠭᠠᠳᠤᠮ ᠰᠣᠶᠣᠯ ᠤᠨ ᠠᠵᠤ ᠦᠢᠯᠡᠰ ᠤᠨ ᠬᠦᠷᠢᠶᠡᠯᠡᠩ      ᠭᠤᠣᠯ ᠰᠡᠳᠦᠪ᠄ ᠤᠮᠠᠷᠠᠲᠤ ᠬᠢᠯᠢ ᠳᠤ ᠳᠡᠭᠦᠯᠢᠨ  ᠨᠢᠰᠴᠤ᠂ ᠴᠡᠭᠡ  ᠶᠢᠨ ᠠᠩᠬᠢᠯᠤᠮ᠎ᠠ ᠦᠨᠤᠷ ᠬᠠᠩᠬᠤᠯᠤᠨ᠎ᠠ      1. ᠥᠪᠡᠷᠮᠢᠴᠡ ᠣᠨᠴᠠᠯᠢᠭ ᠪᠦᠬᠦᠢ ᠭᠢᠯᠠᠰ ᠴᠡᠭ ᠢ ᠵᠠᠪᠳᠤᠨ  ᠦᠵᠡᠶ᠎ᠡ      ᠪᠣᠳᠠᠰ ᠤᠨ ᠪᠤᠰᠤ ᠰᠣᠶᠣᠯ ᠤᠨ ᠥᠪ ᠪᠠ ᠰᠣᠶᠣᠯ ᠤᠨ ᠳᠡᠯᠭᠡᠨ ᠦᠵᠡᠭᠦᠯᠦᠯᠭᠡ ᠬᠤᠲᠠ ᠶᠢᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ  ᠲᠤᠰᠬᠤᠨ ᠪᠠᠯᠭᠠᠰᠤ᠄ ᠳᠠᠷᠬᠠᠨ ᠰᠤᠮᠤ
07111441ywqx.jpg
      ᠬᠥᠭᠵᠢᠭᠡᠨ ᠵᠣᠷᠢᠭᠵᠢᠭᠤᠯᠬᠤ ᠠᠩᠭᠢ  ᠶᠢᠨ ᠲᠤᠭᠯᠠᠭᠴᠢᠳ ᠪᠦᠵᠢᠭᠯᠡᠨ᠂ ︽  ᠨᠠᠶᠢᠷ ᠤᠨ  ᠳᠠᠭᠤᠤ︾᠂ ︽ᠠᠯᠠᠭ ᠮᠣᠷᠢ︾ ᠵᠡᠷᠭᠡ ᠳᠠᠭᠤᠤ ᠨᠢ ᠲᠠᠯ᠎ᠠ ᠨᠤᠲᠤᠭ ᠤᠨ ᠵᠠᠩ  ᠠᠷᠠᠨᠰᠢᠨ ᠢ ᠳᠠᠭᠤᠯᠠᠵᠤ᠂ ᠬᠤᠪᠴᠠᠰᠤᠨ ᠤ ᠦᠵᠡᠭᠦᠯᠦᠯᠭᠡ ᠨᠢ ᠦᠨᠳᠦᠰᠦᠲᠡᠨ ᠤ ᠣᠨᠴᠠᠯᠢᠭ ᠢ ᠢᠯᠡᠷᠡᠭᠦᠯᠵᠦ᠂ ᠪᠠᠰᠠ ᠬᠤᠯᠪᠣᠭ᠎ᠠ ᠵᠡᠷᠭᠡ  ᠭᠤᠶᠢᠳᠠ ᠰᠠᠶᠢᠬᠠᠨ ᠲᠣᠭᠯᠠᠯᠲᠠ ᠵᠠᠯᠭᠠᠭ᠎ᠠ  ᠵᠠᠯᠭᠠᠭ᠎ᠠ ᠪᠠᠷ  ᠶᠠᠪᠤᠭᠳᠠᠨ᠎ᠠ᠃      2.  ᠮᠤᠷᠢᠨ ᠨᠢᠷᠤᠭᠤᠨ ᠳᠡᠭᠡᠷᠡᠬᠢ ᠵᠠᠩ  ᠦᠢᠯᠡ — ︽  ᠴᠡᠭᠡ︾      ᠴᠡᠭᠡ ᠰᠤᠶᠤᠯ ᠤᠨ ᠪᠡᠶᠡᠴᠢ ᠤᠶᠢᠯᠠᠭᠠᠯᠲᠠ
071114583vo0.jpg
      ᠠᠳᠡ ᠲᠠ ᠨᠠᠷ ᠠᠳᠠᠯᠢ ᠪᠤᠰᠤ ᠢᠰᠭᠡᠯᠲᠡ ᠲᠠᠢ ᠴᠡᠭᠡ ᠶᠢ ᠠᠮᠰᠠᠵᠤ᠂ ᠥᠷᠥᠮ᠎ᠡ ᠵᠡᠷᠭᠡ ᠤᠯᠠᠮᠵᠢᠯᠠᠯᠲᠤ  ᠴᠠᠭᠠᠨ ᠢᠳᠡᠭᠡ  ᠶᠢᠨ ᠠᠮᠳᠠᠳᠤ ᠬᠤᠭᠤᠯᠠ ᠤᠮᠳᠠ ᠶᠢ ᠠᠮᠳᠠᠯᠠᠬᠤ ᠪᠤᠯᠤᠨ᠎ᠠ︕ ᠲᠤᠬᠠᠶ ᠶᠢᠨ ᠲᠠᠯᠠᠪᠠᠶ ᠳᠤ ᠪᠠᠰᠠ ᠴᠢᠨᠠᠭᠰᠠᠨ ᠮᠢᠬ᠎ᠠ  ᠶᠢ ᠦᠨ᠎ᠡ ᠲᠥᠯᠥᠪᠦᠷᠢ ᠦᠭᠡᠢ ᠪᠠᠷ ᠠᠮᠲᠠᠯᠠᠵᠤ ᠪᠣᠯᠤᠨ᠎ᠠ᠃      3. ᠴᠤᠬᠤᠷ ᠮᠤᠷᠢ
071115279f3m.jpg
      ᠭᠤᠸ᠎ᠠ  ᠰᠠᠶᠢᠬᠠᠨ ᠤ ᠲᠡᠮᠡᠴᠡᠭᠡᠨ ᠳᠤ ᠬᠡᠨ ︽ᠠᠯᠲᠠᠨ  ᠲᠤᠭᠤᠷᠠᠶᠢᠳᠤ ᠬᠤᠨᠳᠠᠭ᠎ᠠ︾ ᠶᠢ ᠣᠯᠳᠠᠭ ᠪᠤᠯ︖       ᠲᠡᠯ ᠰᠡᠬᠦᠯ ᠨᠢ ᠭᠡᠶᠢᠰᠴᠤ᠂  ᠲᠦᠷᠪᠡᠨ ᠲᠤᠭᠤᠷᠠᠢ ᠨᠢ ᠰᠠᠯᠬᠢ ᠵᠠᠪᠴᠢᠨ ᠲᠠᠪᠬᠢᠭᠤᠯᠵᠤ᠂  ᠰᠦᠷ ᠵᠢᠪᠬᠤᠭᠠᠳᠤ ᠴᠤᠬᠤᠷ ᠮᠤᠷᠢ ᠶᠢᠨ ᠰᠠᠶᠢᠬᠠᠨ ᠢ ᠭᠠᠶᠢᠬᠠᠭᠤᠯᠵᠤ᠂ ︽ᠠᠯᠳᠠᠨ‌‍ᠲ᠋ᠤᠭᠤᠷᠠᠶᠢᠳᠤ ᠬᠤᠨᠳᠠᠭ᠎ᠠ︾ ᠶᠢ ᠴᠣᠬᠤᠮ ᠬᠡᠨ ᠤᠯᠬᠤ ᠪᠤᠯ︖      4.  ᠬᠤᠪᠢᠰᠬᠠᠯᠳᠤ ᠳᠠᠭᠤᠤ ᠬᠠᠩᠭᠢᠨᠠᠮ᠎ᠠ ᠰᠠᠶᠢᠬᠠᠨ
07111540olgo.png
      ︽ᠬᠤᠪᠢᠰᠬᠠᠯ ᠤᠨ ᠲᠠᠭᠤᠤ ᠲᠠᠭᠤᠯᠠᠬᠤ ᠦᠷᠢᠰᠦᠯᠳᠦᠬᠡᠨ ᠳᠤ ᠤᠷᠤᠯᠴᠠᠵᠠᠭᠠᠶ᠎ᠠ︾      ᠣᠮᠤᠭ ᠲᠡᠭᠦᠯᠳᠡᠷ ᠬᠥᠭ ᠠᠶᠠᠰ ᠤᠨ ᠳᠤᠮᠳᠠ ᠬᠤᠪᠢᠰᠬᠠᠯ ᠤᠨ ᠳᠤᠷᠠᠰᠤᠮᠵᠢ ᠶᠢ ᠳᠠᠬᠢᠨ ᠡᠷᠭᠢᠴᠡᠭᠦᠯᠵᠦ᠂ ᠳᠠᠭᠤᠤ ᠠᠶᠠᠰ ᠠᠴᠠ ᠴᠠᠭ ᠦᠶ᠎ᠡ ᠶᠢᠨ ᠣᠮᠤᠭ ᠵᠣᠷᠢᠭ ᠢ ᠮᠡᠳᠡᠷᠡᠵᠦ᠂ ᠲᠠ ᠪᠦᠬᠦᠨ ᠡᠨᠡ ᠤᠳᠠᠭᠠᠨ ᠤ ᠬᠤᠪᠢᠰᠬᠠᠯᠲᠤ ᠳᠠᠭᠤᠤ ᠬᠥᠭᠵᠢᠮ ᠤᠨ ᠦᠪᠡᠳᠡᠭᠰᠢ ᠨᠠᠶᠢᠷ ᠲᠤ ᠣᠷᠣᠯᠴᠠᠵᠤ᠂  ᠰᠤᠨᠤᠷ ᠢᠶᠠᠷ ᠢᠶᠠᠨ ᠰᠣᠩᠭᠤᠳᠠᠭ ᠪᠦᠲᠦᠭᠡᠯ ᠢ  ᠰᠤᠨᠢᠷᠬᠠᠵᠤ᠂ ᠬᠠᠯᠠᠭᠤᠨ ᠰᠡᠳᠬᠢᠯᠭᠡ ᠪᠠᠷ  ᠪᠠᠶᠠᠷᠯᠠᠯᠳᠤᠵᠠᠭᠠᠶ᠎ᠠ︕      5. ᠮᠣᠩᠭᠤᠯ ᠭᠡᠷ ᠤᠨ ᠦᠵᠡᠭᠦᠯᠦᠯᠭᠡ      ᠮᠤᠩᠭᠤᠯ ᠭᠡᠷ ᠲᠤ ᠶᠠᠭᠤ ᠶᠠᠭᠤ ᠪᠠᠶᠢᠬᠤ ᠪᠤᠯ︖
07111600hg5w.jpg
      ︽ᠬᠤᠪᠢᠰᠬᠠᠯ ᠤᠨ ᠮᠣᠩᠭᠤᠯ ᠭᠡᠷ  ᠨᠢ ᠲᠠᠨ ᠳᠤ ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠢᠷᠡᠭᠰᠡᠨ︾ ᠲᠡᠦᠬᠡ ᠶᠢ ᠤᠶᠢᠯᠠᠭᠠᠭᠤᠯᠵᠤ᠂ ᠨᠠᠮ ᠤᠨ ᠲᠡᠦᠬᠡ ᠶᠢ  ᠰᠤᠷᠤᠯᠴᠠᠭᠤᠯᠤᠨ᠎ᠠ᠃      ᠲᠠᠯ᠎ᠠ ᠨᠤᠲᠤᠭ ᠤᠨ ᠮᠣᠩᠭᠤᠯ ᠭᠡᠷ  ᠲᠤ ᠮᠣᠩᠭᠤᠯ ᠬᠤᠪᠴᠠᠰᠤ ᠵᠠᠰᠠᠯ ᠢᠶᠠᠨ ᠲᠦᠷᠢᠶᠡᠰᠦᠯᠡᠨ ᠡᠮᠦᠰᠦᠬᠦᠯᠵᠦ᠂ ᠪᠠᠰᠠ ᠲᠤᠰᠬᠠᠢ ᠵᠠᠰᠠᠯ ᠴᠢᠮᠡᠭᠯᠡᠯ᠂ ᠭᠡᠷᠡᠯ ᠵᠢᠷᠤᠭ ᠤᠨ ᠦᠢᠯᠡᠴᠢᠯᠡᠭᠡ ᠬᠠᠩᠭᠠᠵᠤ᠂ ᠲᠠᠯ᠎ᠠ ᠨᠤᠲᠤᠭ ᠤᠨ ᠭᠦᠩᠵᠦ ᠶᠢᠨ ᠵᠡᠭᠦᠳᠦ ᠪᠠᠨ ᠲᠡᠷᠭᠡᠯᠰᠢᠬᠦᠯᠵᠦ ᠪᠤᠯᠤᠨ᠎ᠠ᠃      ᠠᠳᠤᠭᠤᠨ ᠰᠣᠶᠣᠯ ᠤᠨ ᠮᠣᠩᠭᠤᠯ ᠭᠡᠷ ᠲᠤ ᠡᠯ᠎ᠡ ᠵᠦᠢᠯ ᠤᠨ ᠮᠣᠷᠢᠨ ᠡᠳ᠋ᠯᠡᠯ ᠪᠠ ᠭᠡᠷᠡᠯ ᠵᠢᠷᠤᠭ ᠤᠨ ᠪᠦᠲᠦᠭᠡᠯ ᠢ ᠳᠡᠯᠭᠡᠨ ᠦᠵᠡᠭᠦᠯᠵᠦ᠂ ᠬᠠᠮᠢᠶ᠎ᠠ ᠪᠦᠬᠦᠢ ᠳᠤᠷᠠᠰᠬᠠᠯ ᠤᠨ ᠡᠳ᠋ ᠢ ᠬᠤᠳᠠᠯᠳᠤᠵᠤ ᠪᠠᠶᠢᠨ᠎ᠠ᠃      ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠶᠢᠨ ᠮᠣᠩᠭᠤᠯ ᠭᠡᠷ ᠲᠤ ᠣᠯᠠᠨ ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠪᠦᠲᠦᠭᠡᠭᠳᠡᠬᠦᠨ ᠢ ᠳᠡᠯᠭᠡᠨ ᠦᠵᠡᠬᠦᠯᠦᠨ᠎ᠡ᠂ ᠪᠠᠰᠠ ᠦᠨ᠎ᠡ ᠲᠥᠯᠥᠪᠦᠷᠢ ᠦᠭᠡᠢ ᠪᠠᠷ ᠴᠠᠭᠠᠨ ᠢᠳᠡᠭᠡ  ᠠᠮᠰᠠᠵᠤ ᠪᠤᠯᠤᠨ᠎ᠠ᠃      6. ᠰᠤᠳᠤᠯᠤᠨ ᠰᠤᠷᠤᠯᠴᠠᠬᠤ ᠵᠢᠭᠤᠯᠴᠢᠯᠠᠯ
07111621bm15.jpg
07111632id36.jpg      ᠰᠤᠳᠤᠯᠤᠨ ᠰᠤᠷᠤᠯᠴᠠᠬᠤ ᠵᠢᠭᠤᠯᠴᠢᠯᠠᠯ ᠲᠠ ᠨᠠᠷ ᠲᠤ ᠲᠠᠯ᠎ᠠ ᠨᠤᠲᠤᠭ ᠤᠨ ᠰᠣᠶᠣᠯ ᠢ ᠭᠦᠨᠵᠡᠭᠡᠢ 
ᠤᠶᠢᠯᠠᠭᠠᠭᠤᠯᠤᠨ᠎ᠠ︕      ᠬᠤᠪᠢᠰᠬᠠᠯ ᠤᠨ ᠮᠣᠩᠭᠤᠯ ᠭᠡᠷ ᠢ  ᠬᠠᠶᠢᠨ ᠰᠢᠨᠵᠢᠵᠤ᠂ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠢᠷᠡᠭᠰᠡᠨ︾ ᠬᠠᠯᠠᠭᠤᠨ ᠳᠤᠯᠠᠭᠠᠨ ᠲᠡᠦᠬᠡ ᠶᠢ  ᠤᠶᠢᠯᠭᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ  ᠪᠠᠯᠭᠠᠰᠤ ᠳᠤ ᠬᠦᠷᠴᠤ᠂ ᠬᠠᠳᠠᠨ ᠵᠢᠷᠤᠭ᠂ ᠮᠣᠷᠢᠨ ᠤ ᠴᠠᠭᠠᠰᠤᠨ  ᠬᠠᠶᠢᠴᠢᠯᠠᠮᠠᠯ ᠵᠡᠷᠭᠡ ᠶᠢ  ᠦᠵᠡᠵᠦ ᠪᠤᠯᠤᠨ᠎ᠠ︔ ᠮᠣᠷᠢᠨ ᠤ ᠰᠣᠶᠣᠯ ᠤᠨ ᠮᠣᠩᠭᠤᠯ ᠭᠡᠷ ᠲᠤ  ᠮᠤᠷᠢᠨ ᠲᠦᠪᠡᠷᠭᠡᠨ ᠤ ᠮᠢᠩᠭᠠᠨ ᠵᠢᠯ ᠤᠨ ᠲᠡᠤᠭᠡ ᠦᠯᠢᠭᠡᠷ ᠢ ᠰᠤᠨᠤᠰᠤᠨ ᠤᠶᠢᠯᠠᠭᠠᠵᠤ ᠪᠤᠯᠤᠨ᠎ᠠ᠃ ᠬᠡᠬᠦᠦ ᠰᠠᠭᠠᠵᠤ᠂ ᠴᠡᠭᠡ ᠠᠮᠰᠠᠵᠤ ᠂  ᠲᠠᠯ᠎ᠠ ᠨᠤᠳᠤᠭ ᠤᠨ ᠵᠠᠩ  ᠦᠢᠯᠡ ᠶᠢ ᠪᠡᠶᠡᠴᠢᠯᠡᠨ  ᠤᠶᠢᠯᠠᠭᠠᠭᠠᠷᠠᠢ ᠃      ᠠᠵᠢᠯᠯᠠᠭ᠎ᠠ ᠶᠢᠨ ᠠᠬᠤᠢ ᠲᠠᠯᠠᠪᠠᠢ  ᠳᠤ ᠤᠯᠠᠨ ᠪᠠᠶᠠᠷᠯᠠᠭᠤᠰᠢᠳᠠᠢ ᠵᠦᠢᠯ ᠪᠠᠶᠢᠨ᠎ᠠ      ᠠᠮᠲᠠᠲᠤ ᠢᠳᠡᠭᠡᠨ ᠤ ᠬᠠᠷᠠᠭᠠᠯᠵᠠᠯ ᠤᠨ ᠪᠠᠷᠢᠮᠲᠠᠲᠤ ᠪᠢᠯᠧᠲ ᠪᠠ ᠺᠢᠨᠤ᠋ ᠶᠢᠨ ᠪᠢᠯᠧᠲ      ᠡᠯᠪᠡᠭ ᠳᠡᠯᠪᠡᠭ ᠱᠠᠩᠨᠠᠯ ᠲᠠ ᠪᠦᠬᠦᠨ ᠢ ᠬᠦᠯᠢᠶᠡᠵᠦ ᠪᠠᠶᠢᠨ᠎ᠠ       7 ᠰᠠᠷ᠎ᠠ ᠶᠢᠨ 13 ᠤ ᠡᠳᠦᠷ      ᠪᠠᠲᠤᠬᠠᠭᠠᠯᠭ᠎ᠠ ᠶᠢᠨ ᠨᠠᠭᠠᠳᠤᠮ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ  ᠴᠤᠭᠯᠠᠷᠠᠶ᠎ᠠ︕      ᠮᠣᠷᠢᠨ ᠤ ᠨᠢᠷᠤᠭᠤᠨ ᠳᠡᠭᠡᠷ᠎ᠡ ᠲᠠᠯ᠎ᠠ ᠨᠤᠲᠤᠭ ᠤᠨ ᠣᠮᠣᠭᠰᠢᠯ ᠢ ᠮᠡᠳᠡᠷᠡᠵᠦ      ᠴᠡᠭᠡ ᠶᠢᠨ ᠰᠠᠶᠢᠬᠠᠨ ᠦᠨᠦᠷ ᠳᠤ ᠲᠠᠯ᠎ᠠ ᠨᠤᠲᠤᠭ ᠤᠨ ᠤᠶᠠᠩᠭ᠎ᠠ ᠶᠢ ᠠᠮᠳᠠᠯᠠᠨ      ᠤᠮᠠᠷᠠᠲᠤ ᠬᠢᠯᠢ ᠳᠤ ᠳᠡᠭᠦᠯᠢᠨ ᠨᠢᠰᠴᠤ᠂ ᠴᠡᠭᠡ ᠶᠢᠨ ᠠᠩᠬᠢᠯᠤᠮ᠎ᠠ ᠦᠨᠤᠷ  ᠬᠠᠩᠬᠤᠯᠤᠭᠰᠠᠨ ᠥᠪᠡᠳᠡᠭᠰᠢ ᠨᠠᠶᠢᠷ ᠲᠤ ᠬᠠᠮᠳᠤ ᠪᠠᠷ ᠤᠷᠤᠯᠴᠠᠶ᠎ᠠ ︕ 
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号