ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ᠄ | ᠲᠠᠨ ᠤ ᠤᠷᠲᠤ ᠬᠤᠭᠤᠴᠠᠭᠠᠨ ᠤ ᠲᠤᠷᠰᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮ | ᠡᠮᠨᠡᠯᠭᠡ ᠶᠢᠨ ᠪᠠᠲᠤᠯᠠᠭ᠎ᠠ ᠶᠢᠨ ᠠᠵᠢᠯ ᠤᠨ ᠲᠤᠬᠠᠶ ᠣᠶᠢᠯᠠᠭᠠᠯᠲᠠ᠂ ᠳᠡᠮᠵᠢᠯᠭᠡ ᠪᠠ ᠬᠠᠮᠵᠢᠯᠴᠠᠭ᠎ᠠ ᠳᠤ ᠴᠢᠩ | ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠤᠨ ᠡᠮ | ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠢᠯᠡᠳᠦᠯ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠶᠢᠨ | ᠲᠥᠯᠥᠭᠡ᠂ ︽︿ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠢ | ᠲᠠᠰᠤᠯᠤᠨ ᠪᠤᠳᠤᠬᠤ ᠶᠢ ᠱᠠᠲᠤ ᠬᠤᠪᠢᠶᠠᠨ ᠬᠠᠮᠢᠶᠠᠷᠬᠤ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ | ᠲᠣᠪᠴᠢᠶ᠎ᠠ ᠶᠢᠨ ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ | ᠳᠠᠭᠠᠳᠬᠠᠯ ᠲᠠᠷᠬᠠᠭᠠᠭᠰᠠᠨ ﹇2024﹈ 16 ᠳ᠋ᠤᠭᠠᠷ ᠲᠣᠭᠠᠲᠤ︶ ᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠵᠢᠴᠢ ᠪᠤᠭᠤᠲᠤ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠨᠢᠭᠡᠳᠦᠯᠲᠡᠶ | ᠪᠠᠶᠢᠷᠢᠯᠠᠭᠤᠯᠤᠯᠲᠠ ᠶᠣᠰᠣᠭᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮ ᠡᠮᠨᠡᠯᠭᠡ ᠶᠢᠨ | ᠪᠠᠲᠤᠯᠠᠭ᠎ᠠ ᠶᠢᠨ ᠲᠣᠪᠴᠢᠶ᠎ᠠ ᠨᠢᠭᠡᠨᠲᠡ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ | ᠡᠮᠨᠡᠯᠭᠡ ᠶᠢᠨ ᠳᠠᠭᠠᠳᠬᠠᠯ ᠤᠨ ᠵᠥᠪᠳᠡᠯᠴᠡᠬᠡᠷ ᠤᠨ ᠬᠠᠮᠢᠶᠠᠷᠤᠯᠲᠠ ᠪᠠ ᠵᠡᠷᠭᠡ ᠳᠡᠰ ᠢ ᠬᠢᠨᠠᠨ ᠲᠣᠭᠲᠠᠭᠠᠬᠤ ᠠᠵᠢᠯ ᠢ | ᠨᠢᠭᠡᠨᠲᠡ ᠪᠡᠶᠡᠯᠡᠭᠦᠯᠪᠡ᠃ | ᠬᠢᠨᠠᠨ ᠬᠠᠷᠭᠤᠭᠤᠯᠵᠤ ᠰᠢᠯᠭᠠᠨ ᠲᠣᠭᠲᠠᠭᠠᠬᠤ ᠪᠠᠷ ᠳᠡᠮᠵᠢᠨ᠂ ᠤᠤᠯ ᠳᠠᠭᠠᠨ ᠡᠭᠦᠳᠡᠨ ᠡᠮᠨᠡᠯᠭᠡ ᠶᠢᠨ | ᠨᠢᠭᠡᠳᠦᠯᠲᠡᠶ ᠲᠥᠯᠥᠪᠯᠡᠨ ᠲᠠᠰᠤᠯᠤᠨ ᠪᠤᠳᠤᠬᠤ ᠦᠢᠯᠡᠴᠢᠯᠡᠭᠡ ᠶᠢ ᠨᠢᠭᠡᠨᠲᠡ ᠨᠡᠭᠡᠭᠡᠭᠰᠡᠨ ᠲᠣᠭᠲᠠᠭᠰᠠᠨ ᠴᠡᠭ ᠤᠨ | ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠪᠠ ᠬᠡᠰᠡᠭ ᠨᠢᠭᠡᠳᠦᠭᠡᠷ ᠳᠡᠰ ᠵᠢᠴᠢ ᠲᠡᠭᠦᠨ ᠠᠴᠠ ᠳᠣᠷᠣᠭᠰᠢᠬᠢ | ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠳᠠᠭᠠᠳᠬᠠᠯ ᠤᠨᠲ᠋ᠠᠰᠤᠯᠤᠨ ᠪᠤᠳᠤᠬᠤ ᠶᠢ | ᠱᠠᠲᠤ ᠬᠤᠪᠢᠶᠠᠨ ᠬᠠᠮᠢᠶᠠᠷᠬᠤ ᠠᠷᠭ᠎ᠠ ᠳᠤ ᠲᠣᠭᠲᠠᠭᠰᠠᠨ ᠴᠡᠭ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ | ᠪᠠᠷᠢᠮᠵᠢᠶ᠎ᠠ ︵B ᠳᠡᠰ︶ ᠶᠢᠨ ᠲᠠᠰᠤᠯᠤᠨ ᠪᠤᠳᠤᠬᠤ ᠪᠠᠷᠢᠮᠵᠢᠶ᠎ᠠ ᠳᠤ ᠬᠦᠷᠴᠦ ᠳᠡᠶᠢᠯᠦᠭᠰᠡᠨ ᠥᠬᠡᠶ᠃ ᠥᠪᠡᠷᠲᠡᠭᠡᠨ | ᠵᠠᠰᠠᠬᠤ ᠣᠷᠣᠨ ᠤ ᠱᠠᠲᠤ ᠬᠤᠪᠢᠶᠠᠨ ᠬᠠᠮᠢᠶᠠᠷᠬᠤ ᠲᠣᠭᠲᠠᠭᠠᠯ ᠢ ᠦᠨᠳᠦᠰᠦᠯᠡᠨ᠂ 2025 ᠣᠨ ᠤ 7 ᠰᠠᠷ᠎ᠠ ᠶᠢᠨ | 1 ᠤ ᠡᠳᠦᠷ ᠠᠴᠠ ᠡᠬᠢᠯᠡᠨ᠂ ᠪᠥᠬᠦ ᠬᠤᠰᠢᠭᠤᠨ ᠤ ᠬᠡᠪᠴᠢᠶᠡᠨ ᠳᠤ ᠪᠠᠷᠢᠮᠵᠢᠶ᠎ᠠ ᠳᠤ ᠬᠦᠷᠦᠭᠡᠳᠦᠶ ︵B ᠲᠠᠰ︶ | ᠲᠣᠭᠲᠠᠭᠰᠠᠨ ᠴᠡᠭ ᠤᠨᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠲᠠᠰᠤᠯᠤᠨ | ᠪᠤᠳᠤᠬᠤ ᠳᠡᠰ ᠢ ᠨᠢᠭᠡᠳᠦᠯᠲᠡᠶ A ᠲᠠᠰ ᠪᠣᠯᠭᠠᠨ ᠳᠣᠭᠢᠷᠠᠭᠤᠯᠵᠤ᠂ ᠵᠥᠪᠬᠡᠨ ᠡᠮ ᠡᠮᠨᠡᠯᠭᠡ ᠶᠢᠨ ᠳᠠᠭᠠᠳᠬᠠᠯ ᠤᠨ | ᠬᠤᠪᠢ ᠬᠥᠮᠦᠨ ᠤ ᠲᠠᠩᠰᠠᠨ ᠡᠷᠦᠬᠡ ᠶᠢᠨ ᠲᠠᠰᠤᠯᠤᠨ ᠪᠤᠳᠤᠬᠤ ᠦᠢᠯᠡᠴᠢᠯᠡᠭᠡ ᠶᠢ ᠬᠠᠩᠭᠠᠨ᠎ᠠ᠃ | ᠲᠣᠰ ᠤᠳᠠᠭᠠᠨ ᠤ ᠲᠣᠬᠢᠷᠠᠭᠤᠯᠤᠯᠲᠠ ᠨᠢ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠲᠥᠷᠥ ᠶᠢᠨ | ᠪᠣᠳᠣᠯᠭ᠎ᠠ ᠶᠢ ᠬᠦᠴᠦᠨ ᠥᠬᠡᠶ ᠪᠣᠯᠭᠠᠭᠰᠠᠨ ᠪᠢᠰᠢ᠂ ᠳᠠᠭᠠᠳᠬᠠᠯ ᠳᠤ ᠣᠷᠣᠯᠴᠠᠭᠰᠠᠳ ᠮᠥᠨ ᠬᠦ ᠪᠥᠬᠦ ᠬᠤᠲᠠ ᠳᠤ | ᠨᠢᠭᠡᠨᠲᠡ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠨ ᠲᠠᠰᠤᠯᠤᠨ ᠪᠤᠳᠤᠬᠤ ᠦᠢᠯᠡᠴᠢᠯᠡᠭᠡ ᠶᠢ ᠡᠬᠢᠯᠡᠭᠦᠯᠦᠭᠰᠡᠨ | ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠨᠢ ᠬᠡᠪ ᠤᠨ ᠪᠠᠶᠢᠳᠠᠯ ᠢᠶᠠᠷ ᠡᠭᠦᠳᠡᠨ ᠡᠮᠨᠡᠯᠭᠡ ᠶᠢᠨ | ᠨᠢᠭᠡᠳᠦᠯᠲᠡᠶ ᠲᠥᠯᠥᠪᠯᠡᠨ ᠲᠠᠩᠰᠠ ᠲᠠᠶᠢᠯᠬᠤ ᠬᠠᠷᠠᠭᠠᠯᠵᠠᠯ ᠢ ᠬᠦᠷᠲᠡᠵᠦ ᠪᠣᠯᠤᠨ᠎ᠠ︔ ᠡᠭᠦᠳᠡᠨ ᠡᠮᠨᠡᠯᠭᠡ ᠶᠢᠨ | ᠤᠨᠴᠠᠭᠠᠢ ᠡᠪᠡᠳᠴᠢᠨ ᠤᠳᠠᠭᠠᠨ ᠴᠢᠨᠠᠷᠳᠠᠢ ᠡᠪᠡᠳᠴᠢᠨ ᠪᠠ ᠡᠭᠦᠳᠡᠨ ᠡᠮᠨᠡᠯᠭᠡ ᠶᠢᠨ ᠤᠨᠴᠠᠭᠠᠢ ᠡᠮ ᠬᠡᠷᠡᠭᠯᠡᠬᠦ | ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢ ᠭᠥᠷᠳᠡᠵᠦ ᠪᠠᠶᠢᠭ᠎ᠠ ᠡᠪᠡᠳᠴᠢᠲᠡᠨ ᠮᠥᠨ ᠬᠦ ᠤᠤᠯ ᠤᠨ ᠠᠷᠭ᠎ᠠ | ᠵᠠᠮ ᠢᠶᠠᠷ ᠡᠮ ᠬᠤᠳᠠᠯᠳᠤᠨ ᠠᠪᠴᠤ ᠲᠠᠰᠤᠯᠤᠨ ᠪᠤᠳᠤᠵᠤ ᠪᠣᠯᠤᠨ᠎ᠠ᠃ | ᠡᠳᠦᠭᠡ ᠮᠠᠨ ᠤ ᠬᠤᠰᠢᠭᠤᠨ ᠤ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠨ | ᠲᠠᠰᠤᠯᠤᠨ ᠪᠤᠳᠤᠬᠤ ᠦᠢᠯᠡᠴᠢᠯᠡᠭᠡ ᠶᠢ ᠨᠡᠪᠲᠡᠷᠡᠭᠦᠯᠦᠭᠰᠡᠨ ᠲᠣᠭᠲᠠᠭᠰᠠᠨ ᠴᠡᠭ ᠤᠨ ᠡᠮᠴᠢᠯᠡᠭᠡᠨ ᠤ | ᠪᠠᠶᠢᠭᠤᠯᠤᠮᠵᠢ ᠶᠢᠨ ᠨᠡᠷᠡᠰ ᠢ ᠳᠣᠤᠷᠠᠬᠢ ᠮᠡᠲᠦ ᠨᠡᠶᠢᠲᠡᠯᠡᠵᠦ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠤᠨ | ᠣᠶᠢᠷ᠎ᠠ ᠬᠠᠪᠢ ᠶᠢᠨ ᠪᠠᠶᠢᠭᠤᠯᠤᠮᠵᠢ ᠪᠠᠨ ᠰᠣᠩᠭᠤᠵᠤ ᠡᠮ ᠬᠤᠳᠠᠯᠳᠤᠨ ᠠᠪᠬᠤ ᠪᠠ ᠲᠠᠰᠤᠯᠤᠨ ᠪᠤᠳᠤᠬᠤ | ᠦᠢᠯᠡᠴᠢᠯᠡᠭᠡ ᠬᠦᠷᠳᠡᠵᠦ ᠪᠤᠯᠤᠨ᠎ᠠ᠃ | ᠳᠠᠭᠠᠯᠳᠤᠭᠤᠯᠤᠯ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠢᠯᠲᠠᠨ ᠠᠵᠢᠯᠴᠢᠨ ᠤ ᠡᠭᠦᠳᠡᠨ | ᠡᠮᠨᠡᠯᠭᠡ ᠶᠢᠨ ᠨᠢᠭᠡᠳᠦᠯᠲᠡᠶ ᠲᠥᠯᠥᠪᠯᠡᠨ ᠲᠠᠰᠤᠯᠤᠨ ᠪᠤᠳᠤᠬᠤ ᠦᠢᠯᠡᠴᠢᠯᠡᠭᠡᠨ ᠤ ᠲᠣᠭᠲᠠᠭᠰᠠᠨ ᠴᠡᠭ ᠤᠨ | ᠡᠮᠴᠢᠯᠡᠭᠡᠨ ᠤ ᠪᠠᠶᠢᠭᠤᠯᠤᠮᠵᠢ ᠶᠢᠨ ᠨᠡᠷᠡᠰ | | | | | | | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ | 2025 ᠣᠨ ᠤ 7 ᠰᠠᠷ᠎ᠠ ᠶᠢᠨ 1 ᠤ ᠡᠳᠦᠷ |