ᠠᠩᠬᠠᠷᠤᠨ ᠰᠡᠷᠡᠮᠵᠢᠯᠡᠭᠡᠷᠠᠢ︕ ᠢᠷᠡᠬᠦ ᠬᠡᠳᠦᠨ ᠡᠳᠦᠷ  ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠢᠯᠡ᠊
ᠨᠡᠶᠢᠲᠡᠯᠡᠭᠰᠡᠨ ᠴᠠᠭ᠄
2025/7/8
      ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠴᠠᠭ ᠠᠭᠤᠷ ᠤᠨ ᠬᠤᠷᠢᠶ᠎ᠠ ᠰᠠᠶ᠋ᠢᠬᠠᠨ ᠨᠡᠶᠢᠳᠡᠯᠡᠪᠡ᠃      7 ᠰᠠᠷ᠎ᠠ ᠶᠢᠨ 8 ᠤ ᠡᠳᠦᠷ ᠠᠴᠠ 11 ᠤ ᠡᠳᠦᠷ  ᠪᠤᠯᠳᠠᠯ᠎ᠠ ᠮᠠᠨ ᠤ ᠬᠤᠰᠢᠭᠤᠨ  ᠳᠤ ᠬᠤᠷ᠎ᠠ ᠲᠤᠨᠳᠠᠰᠤ ᠠᠷᠪᠢᠨ  ᠪᠦᠭᠡᠳ ᠠᠶᠤᠩᠭᠠᠲᠤ ᠪᠣᠷᠣᠭᠠᠨ  ᠶᠡᠭᠡ ᠰᠠᠯᠬᠢᠨ ᠲᠠᠢ᠂  ᠤᠬᠤᠷ ᠬᠤᠭᠤᠴᠠᠭᠠᠨ ᠤ ᠰᠢᠷᠦᠭᠦᠨ ᠪᠣᠷᠣᠭᠠᠨ ᠣᠷᠣᠬᠤ ᠵᠡᠷᠭᠡ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ  ᠢᠯᠡᠷᠡᠨ᠎ᠡ᠃      8 ᠤ ᠡᠳᠦᠷ ᠠᠴᠠ 11 ᠤ ᠡᠳᠦᠷ ᠪᠣᠯᠲᠠᠯ᠎ᠠ ᠮᠠᠨ ᠤ ᠬᠤᠰᠢᠭᠤᠨ ᠤ ᠬᠤᠷ᠎ᠠ ᠲᠣᠨᠣᠳᠠᠰᠤ ᠠᠷᠪᠢᠨ ᠪᠣᠯᠬᠤᠷ ᠬᠡᠰᠡᠭ ᠭᠠᠵᠠᠷ ᠤᠨ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠢ ᠠᠩᠬᠠᠷᠬᠤ ᠬᠡᠷᠡᠭᠲᠡᠶ᠃      ᠨᠢᠭᠡ᠂ ᠴᠠᠭ ᠠᠭᠤᠷ ᠤᠨ ᠬᠠᠨᠳᠤᠰᠢ      ᠵᠢᠱᠢᠯᠲᠡ ᠪᠠᠷ᠂ 7 ᠰᠠᠷ᠎ᠠ ᠶᠢᠨ 8 ᠤ ᠡᠳᠦᠷ ᠠᠴᠠ 11 ᠤ ᠡᠳᠦᠷ ᠪᠣᠯᠲᠠᠯ᠎ᠠ ᠮᠠᠨ ᠤ ᠬᠤᠰᠢᠭᠤᠨ ᠳᠤ ᠬᠤᠷ᠎ᠠ ᠲᠤᠨᠳᠠᠰᠤ ᠡᠯᠪᠡᠭ ᠪᠠᠶᠢᠵᠤ᠂ ᠠᠶᠤᠩᠭᠠᠲᠤ ᠪᠣᠷᠣᠭᠠᠨ  ᠶᠡᠭᠡ ᠰᠠᠯᠬᠢ᠂  ᠤᠬᠤᠷ ᠬᠤᠭᠤᠴᠠᠭᠠᠨ ᠤ ᠰᠢᠷᠦᠭᠦᠨ ᠪᠣᠷᠣᠭᠠᠨ ᠣᠷᠣᠬᠤ ᠵᠡᠷᠭᠡ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠢᠯᠡᠷᠡᠨ᠎ᠡ ᠃      ᠬᠤᠶᠠᠷ᠂ ᠴᠠᠭ ᠠᠭᠤᠷ ᠤᠨ ᠪᠣᠳᠠᠲᠠᠶ ᠤᠷᠢᠳᠴᠢᠯᠠᠭᠰᠠᠨ ᠮᠡᠳᠡᠭᠡ      8 ᠤ ᠡᠳᠦᠷ ᠠᠴᠠ 9 ᠤ ᠡᠳᠦᠷ ᠪᠣᠯᠲᠠᠯ᠎ᠠ᠄ ᠪᠣᠷᠣᠭᠠᠨ ᠤ ᠴᠠᠭ ᠨᠢ 8 ᠤ ᠡᠳᠦᠷ ᠤᠨ 14 ᠴᠠᠭ ᠠᠴᠠ 9 ᠤ ᠡᠳᠦᠷ ᠤᠨ 20 ᠴᠠᠭ ᠪᠣᠯᠳᠠᠯ᠎ᠠ᠂ ᠡᠨᠡ ᠬᠤᠭᠤᠴᠠᠭᠠᠨ ᠳᠤ ᠠᠶᠤᠩᠭᠠᠲᠤ ᠪᠣᠷᠣᠭᠠᠨ ᠣᠷᠣᠬᠤ ᠪᠠ ᠣᠬᠤᠷ ᠬᠤᠭᠤᠴᠠᠭᠠᠨ ᠤ ᠰᠢᠷᠦᠭᠦᠨ ᠪᠣᠷᠣᠭᠠᠨ ᠣᠷᠣᠬᠤ ᠵᠡᠷᠭᠡ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠢᠯᠡᠷᠡᠨ᠎ᠡ ᠃ ᠪᠠᠷᠤᠭ 10 ~ 25  ᠮᠢᠯᠢᠮᠧᠲᠷ᠂ ᠬᠡᠰᠡᠭ ᠭᠠᠵᠠᠷ ᠲᠤ 25 ᠮᠢᠯᠢᠮᠧᠲᠷ ᠠᠴᠠ ᠳᠡᠭᠡᠭᠰᠢ ᠬᠤᠷ᠎ᠠ ᠲᠤᠨᠳᠠᠰᠤ ᠪᠠᠭᠤᠨ᠎ᠠ᠃      10 ᠤ ᠡᠳᠦᠷ ᠠᠴᠠ 11 ᠤ ᠡᠳᠦᠷ ᠪᠣᠯᠲᠠᠯ᠎ᠠ᠄ ᠪᠣᠷᠣᠭᠠᠨ ᠤ ᠴᠠᠭ ᠬᠤᠭᠤᠴᠠᠭ᠎ᠠ 10 ᠤ ᠡᠳᠦᠷ ᠤᠨ 17 ᠴᠠᠭ ᠠᠴᠠ 11 ᠤ ᠡᠳᠦᠷ ᠤᠨ 12 ᠴᠠᠭ ᠪᠤᠯᠳᠠᠯ᠎ᠠ᠂ ᠠᠶᠤᠩᠭᠠᠲᠤ ᠪᠣᠷᠣᠭᠠᠨ ᠶᠡᠭᠡ ᠰᠠᠯᠬᠢᠨ ᠲᠠᠢ᠂ ᠣᠬᠤᠷ ᠬᠤᠭᠤᠴᠠᠭᠠᠨ ᠤ ᠰᠢᠷᠦᠭᠦᠨ ᠪᠣᠷᠣᠭᠠᠨ ᠵᠡᠷᠭᠡ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ  ᠢᠯᠡᠷᠡᠨ᠎ᠡ᠃ ᠵᠢᠱᠢᠯᠲᠡ ᠪᠠᠷ ᠪᠣᠷᠣᠭᠠᠨ ᠤ ᠬᠡᠮᠵᠢᠶ᠎ᠡ ᠨᠢ 10 ~ 15 ᠮᠢᠯᠢᠮᠧᠲᠷ᠂ ᠬᠡᠰᠡᠭ ᠭᠠᠵᠠᠷ ᠨᠢ 15 ᠮᠢᠯᠢᠮᠧᠲᠷ ᠠᠴᠠ ᠳᠡᠭᠡᠭᠰᠢ᠃      ᠭᠤᠷᠪᠠ᠂ ᠨᠥᠯᠥᠭᠡ ᠵᠢᠴᠢ ᠰᠠᠨᠠᠭᠤᠯᠭ᠎ᠠ      1. ᠦᠷᠭᠦᠯᠵᠢᠯᠡᠨ ᠪᠣᠷᠣᠭᠠᠨ ᠣᠷᠣᠬᠤ ᠴᠠᠭ ᠠᠭᠤᠷ ᠨᠢ ᠮᠠᠨ ᠤ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠠᠰ ᠵᠡᠷᠭᠡ ᠶᠢ ᠪᠠᠭᠤᠷᠠᠭᠤᠯᠵᠤ᠂ ᠬᠥᠷᠥᠰᠥᠨ ᠤ ᠴᠢᠭᠢᠭ ᠤᠨ ᠪᠠᠶᠢᠳᠠᠯ ᠢ ᠰᠠᠶᠢᠵᠢᠷᠠᠭᠤᠯᠬᠤ ᠳᠤ ᠠᠰᠢᠭᠲᠠᠶ ᠶᠤᠮ᠃      2. ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠶᠤᠩᠭᠠᠲᠤ ᠪᠣᠷᠣᠭᠠᠨ ᠶᠡᠭᠡ ᠰᠠᠯᠬᠢ᠂ ᠤᠬᠤᠷ ᠬᠤᠭᠤᠴᠠᠭᠠᠨ ᠤ ᠰᠢᠷᠦᠭᠦᠨ ᠪᠣᠷᠣᠭᠠᠨ ᠵᠡᠷᠭᠡ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠤᠨ ᠠᠪᠴᠢᠷᠠᠭᠰᠠᠨ ᠠᠰᠢᠭ ᠦᠭᠡᠢ ᠨᠥᠯᠥᠭᠡ ᠶᠢ ᠠᠩᠬᠠᠷᠬᠤ ᠬᠡᠷᠡᠭᠲᠡᠢ᠃      3. ᠬᠤᠷ᠎ᠠ ᠪᠣᠷᠣᠭᠠᠨ ᠲᠥᠪᠯᠡᠷᠡᠭᠰᠡᠨ ᠦᠶ᠎ᠡ ᠳᠤ ᠬᠤᠲᠠ ᠪᠠᠯᠭᠠᠰᠤᠨ ᠤ ᠳᠣᠲᠣᠭᠠᠳᠤ ᠤᠰᠤᠲᠤᠯ᠂ ᠲᠠᠷᠢᠶᠠᠨ ᠭᠠᠵᠠᠷ ᠤᠨ ᠤᠰᠤᠲᠤᠯ᠂ ᠠᠭᠤᠯᠠᠨ ᠦᠶᠡᠷ ᠪᠠ ᠳᠤᠮᠳᠠ ᠪᠠᠭ᠎ᠠ ᠭᠤᠤᠯ ᠮᠥᠷᠡᠨ ᠤ ᠦᠶᠡᠷ ᠤᠨ ᠭᠠᠮᠰᠢᠭ ᠵᠢᠴᠢ ᠭᠠᠵᠠᠷ ᠰᠢᠨᠵᠢᠯᠡᠭᠡᠨ ᠤ ᠭᠠᠮᠰᠢᠭ ᠵᠡᠷᠭᠡ ᠶᠢ ᠠᠮᠠᠷᠬᠠᠨ ᠡᠭᠦᠰᠭᠡᠨ᠎ᠡ᠂ ᠬᠠᠮᠢᠶ᠎ᠠ ᠪᠥᠬᠦᠶ ᠰᠠᠯᠠᠭ᠎ᠠ ᠮᠥᠴᠢᠷ ᠤᠷᠢᠳᠴᠢᠯᠠᠨ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠶ᠃      4. ᠪᠣᠷᠣᠭᠠᠨ ᠣᠷᠣᠬᠤ ᠠᠭᠤᠷ ᠠᠮᠢᠰᠬᠤᠯ ᠵᠠᠮ ᠬᠠᠷᠢᠯᠴᠠᠭᠠᠨ ᠤ ᠠᠮᠤᠷ ᠲᠦᠪᠰᠢᠨ᠂ ᠣᠯᠠᠨ ᠨᠡᠶᠢᠲᠡ ᠶᠢᠨ ᠶᠠᠪᠤᠵᠤ ᠰᠠᠭᠤᠬᠤ ᠵᠡᠷᠭᠡ ᠳᠤ ᠠᠰᠢᠭ ᠥᠬᠡᠶ ᠨᠥᠯᠥᠭᠡ ᠲᠠᠢ ᠮᠥᠷᠲᠡᠭᠡᠨ ᠶᠠᠭ ᠵᠣᠨ ᠤ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠣᠷᠭᠢᠯ ᠤᠨ ᠬᠤᠭᠤᠴᠠᠭ᠎ᠠ ᠪᠣᠯᠵᠣ ᠪᠠᠶᠢᠨ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠷᠭ᠎ᠠ ᠬᠡᠮᠵᠢᠶ᠎ᠡ ᠠᠪᠴᠤ ᠪᠠᠶᠢᠭᠠᠳ ᠵᠠᠮ ᠬᠠᠷᠢᠯᠴᠠᠭ᠎ᠠ ᠪᠠ ᠵᠢᠭᠤᠯᠴᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠴᠢᠬᠤᠯᠠᠲᠠᠶ ᠃      5. ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠪᠣᠷᠣᠭᠠᠨ ᠣᠷᠣᠬᠤ ᠪᠠ ᠴᠢᠩᠭ᠎ᠠ ᠰᠤᠯᠢᠭ ᠤᠷᠤᠰᠬᠠᠯ ᠤᠨ ᠠᠭᠤᠷ ᠠᠮᠢᠰᠬᠤᠯ ᠠᠴᠠ ᠪᠣᠯᠤᠭᠰᠠᠨ ᠠᠰᠢᠭ ᠦᠭᠡᠶ ᠨᠥᠯᠥᠭᠡ ᠶᠢ ᠠᠩᠬᠠᠷᠤᠨ ᠰᠡᠷᠭᠡᠶᠢᠯᠡᠵᠦ᠂ ᠦᠢᠯᠡᠳᠪᠦᠷᠢᠯᠡᠯ ᠤᠨ ᠠᠶᠤᠯᠬᠦᠢ ᠶᠢᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃      6 . ᠴᠠᠭ ᠠᠭᠤᠷ ᠤᠨ ᠰᠠᠯᠠᠭ᠎ᠠ ᠮᠦᠴᠢᠷ ᠤᠨ ᠨᠡᠶᠢᠲᠡᠯᠡᠭᠰᠡᠨ  ᠤᠷᠢᠳᠴᠢᠯᠠᠭᠰᠠᠨ ᠮᠡᠳᠡᠭᠡ᠂ ᠤᠷᠢᠳᠴᠢᠯᠠᠨ ᠰᠡᠷᠡᠮᠵᠢᠯᠡᠭᠦᠯᠬᠦ ᠮᠡᠲᠡᠭᠡ ᠵᠠᠩᠭᠢ ᠶᠢ ᠴᠠᠭ ᠲᠤᠬᠠᠢ ᠲᠤᠨᠢ ᠠᠩᠬᠠᠷᠤᠭᠠᠷᠠᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号