ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 6 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ | ᠨᠠᠶᠢᠷᠠᠭᠤᠯᠤᠭᠰᠠᠨ︽ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠵᠣᠬᠢᠶᠠᠯ ᠤᠨ ᠰᠤᠩᠭᠤᠮᠠᠯ︾ ᠤᠨ ᠨᠢᠭᠡᠳᠦᠭᠡᠷ ᠪᠣᠲᠢ | ᠶᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠥᠬᠦ ᠤᠯᠤᠰ ᠲᠤ ᠲᠠᠷᠬᠠᠭᠠᠪᠠ᠃ | | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠶᠢᠨ ᠦᠨᠳᠦᠷᠴᠡ ᠠᠴᠠ ᠭᠠᠷᠳᠠᠵᠤ᠂ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠲᠠᠬᠢ ᠠᠮᠢ ᠠᠬᠤᠢ | ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠪᠠᠶᠢᠷᠢ ᠰᠠᠭᠤᠷᠢ ᠪᠠ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠢ | ᠭᠦᠨᠵᠡᠭᠡᠢ ᠡᠵᠡᠮᠳᠡᠵᠦ᠂ ᠠᠮᠢ ᠠᠬᠤᠢ ᠶᠢᠨ ᠪᠣᠯᠪᠠᠰᠤᠨ ᠤ ᠤᠨᠤᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ | ᠡᠭᠦᠳᠦᠯᠲᠡ᠂ ᠳᠦᠷᠢᠮ ᠤᠨ ᠰᠢᠨ᠎ᠡ ᠡᠭᠦᠳᠦᠯᠲᠡ ᠶᠢ ᠶᠡᠭᠡ ᠪᠠᠷ ᠠᠬᠢᠭᠤᠯᠵᠤ᠂ ᠠᠯᠢ ᠣᠯᠠᠨ ᠰᠢᠨ᠎ᠡ ᠣᠶᠢᠯᠠᠭᠠᠭᠳᠠᠬᠤᠨ ᠰᠢᠨ᠎ᠡ | ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠤᠨ ᠭᠠᠷᠭᠠᠵᠤ᠂ ᠮᠠᠨ ᠤ ᠤᠯᠤᠰ ᠤᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠤᠨᠤᠯ ᠠᠴᠠ ᠦᠢᠯᠡᠳᠦᠯᠭᠡ ᠳᠤ ᠬᠦᠷᠲᠡᠯ᠎ᠡ ᠴᠥᠮ ᠲᠡᠦᠬᠡᠲᠦ ᠴᠢᠨᠠᠷᠲᠠᠢ᠂ ᠡᠷᠭᠢᠯᠳᠡ ᠶᠢᠨ | ᠴᠢᠨᠠᠷᠳᠠᠢ᠂ ᠪᠦᠬᠦ ᠲᠠᠯ᠎ᠠ ᠶᠢᠨ ᠴᠢᠨᠠᠷᠲᠠᠶ ᠬᠤᠪᠢᠷᠠᠯᠲᠠ ᠲᠠᠢ ᠪᠤᠯᠬᠤ ᠶᠢ ᠬᠦᠳᠦᠯᠦᠨ ᠳᠠᠭᠠᠭᠤᠯᠵᠤ᠂ ᠦᠵᠡᠰᠭᠦᠯᠡᠩᠲᠦ ᠰᠠᠶᠢᠬᠠᠨ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠯᠬᠤᠮ ᠢ ᠠᠯᠬᠤᠵᠤ᠂ ᠰᠢ ᠶᠢᠨ ᠫᠢᠩ ᠤᠨ ᠠᠮᠢ ᠠᠬᠤᠶ | ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠷᠢᠯᠳᠦᠭᠦᠯᠪᠡ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ | ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ | ᠤᠶᠠᠯᠳᠤᠭᠤᠯᠤᠭᠰᠠᠨ ᠴᠢᠬᠤᠯᠠ ᠶᠡᠭᠡ ᠦᠷ᠎ᠡ ᠪᠦᠲᠦᠭᠡᠯ ᠪᠠᠶᠢᠵᠤ᠂ ᠮᠠᠨ ᠤ ᠨᠠᠮ ᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠶᠢ ᠰᠢᠨ᠎ᠡ ᠦᠨᠳᠦᠷᠴᠡ ᠳᠤ ᠬᠦᠷᠭᠡᠵᠦ᠂ ᠦᠵᠡᠰᠭᠦᠯᠡᠩᠲᠦ | ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠪᠠᠷ ᠬᠥᠮᠦᠨ ᠪᠠ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ | ᠣᠷᠣᠰᠢᠬᠤ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ᠃ | ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠵᠣᠬᠢᠶᠠᠯ ᠤᠨ ᠰᠤᠩᠭᠤᠮᠠᠯ︾ ᠤᠨ ᠨᠢᠭᠡᠳᠦᠭᠡᠷ ᠪᠤᠳᠢ ᠳᠤ ᠰᠢ | ᠶᠢᠨ ᠫᠢᠩ ᠨᠥᠬᠦᠷ ᠤᠨ 2012 ᠣᠨ ᠤ 12 ᠰᠠᠷ᠎ᠠ ᠠᠴᠠ 2025 ᠣᠨ ᠤ 4 ᠰᠠᠷ᠎ᠠ ᠪᠣᠯᠲᠠᠯᠠᠬᠢ ᠬᠤᠭᠤᠴᠠᠭᠠᠨ ᠳᠠᠬᠢ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠬᠠᠮᠤᠭ ᠤᠨ ᠴᠢᠬᠤᠯᠠ᠂ ᠬᠠᠮᠤᠭ ᠤᠨ ᠦᠨᠳᠦᠰᠦᠨ | ᠵᠣᠬᠢᠶᠠᠯ ᠢ ᠣᠷᠣᠭᠤᠯᠵᠤ᠂ ᠴᠠᠭ ᠤᠨ ᠳᠠᠷᠠᠭᠠᠯᠠᠯ ᠢᠶᠠᠷ ᠨᠠᠶᠢᠷᠠᠭᠤᠯᠤᠨ ᠵᠢᠭᠰᠠᠭᠠᠵᠤ᠂ ᠮᠡᠳᠡᠭᠦᠯᠦᠯᠲᠡ᠂ ᠶᠠᠷᠢᠶ᠎ᠠ᠂ ᠶᠠᠷᠢᠶ᠎ᠠ | ᠢᠯᠡᠳᠭᠡᠯ᠂ ᠵᠢᠭᠠᠪᠤᠷᠢ᠂ ᠴᠣᠬᠤᠯᠠᠪᠤᠷᠢ ᠵᠡᠷᠭᠡ 79 ᠵᠤᠬᠢᠶᠠᠯ ᠪᠤᠢ᠃ ᠬᠡᠰᠡᠭ ᠵᠣᠬᠢᠶᠠᠯ ᠢ ᠠᠩᠬ᠎ᠠ ᠤᠳᠠᠭ᠎ᠠ ᠢᠯᠡ ᠪᠠᠷ | ᠨᠡᠶᠢᠲᠡᠯᠡᠵᠦ ᠪᠠᠶᠢᠨ᠎ᠠ᠃ | ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠵᠣᠬᠢᠶᠠᠯ ᠤᠨ ᠰᠤᠩᠭᠤᠮᠠᠯ︾ ᠤᠨ ᠨᠢᠭᠡᠳᠦᠭᠡᠷ ᠪᠤᠳᠢ ᠶᠢ | ᠬᠡᠪᠯᠡᠨ ᠲᠠᠷᠬᠠᠭᠠᠭᠰᠠᠨ ᠨᠢ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ | ᠢᠯᠠᠩᠭᠤᠶ᠎ᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠬᠤ ᠳᠤ ᠡᠷᠬᠡ ᠰᠦᠷᠲᠦ ᠵᠢᠭᠠᠬᠤ ᠮᠠᠲ᠋ᠧᠷᠢᠶᠠᠯ ᠬᠠᠩᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ | ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ | ᠤᠬᠠᠮᠰᠠᠷ︾ᠢᠶᠡᠨ ᠴᠢᠩᠭᠠᠳᠬᠠᠵᠤ᠂ ︽ᠳᠥᠷᠪᠡᠨ ᠢᠲᠡᠭᠡᠯ︾ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠢᠭᠲᠠᠷᠠᠨ | ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ | ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠤᠮᠢᠨ | ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ | ᠪᠣᠯᠭᠠᠨ ᠦᠢᠯᠡᠳᠦᠯᠭᠡᠵᠢᠭᠦᠯᠵᠦ᠂ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠪᠠᠶᠠᠵᠢᠭᠰᠠᠨ᠂ ᠠᠮᠢ ᠠᠬᠤᠶ ᠰᠠᠶᠢᠨ ᠪᠠᠶᠢᠬᠤ | ᠪᠣᠯᠪᠠᠰᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠶ ᠵᠠᠮᠨᠠᠵᠤ᠂ ᠴᠢᠨᠠᠷ ᠰᠠᠶᠢᠲᠠᠶ ᠠᠮᠢ ᠠᠬᠤᠶ ᠣᠷᠴᠢᠨ | ᠲᠣᠭᠤᠷᠢᠨ ᠢᠶᠠᠷ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠵᠤ᠂ ᠬᠥᠮᠦᠨ ᠪᠠ ᠪᠠᠶᠢᠭᠠᠯᠢ ᠡᠶ᠎ᠡ ᠵᠣᠬᠢᠴᠠᠩᠭᠤᠢ ᠪᠠᠷ | ᠬᠠᠮᠲᠤ ᠣᠷᠣᠰᠢᠬᠤ ᠣᠳᠣᠬᠢᠴᠢᠯᠠᠯᠲᠠ ᠶᠢ ᠲᠦᠷᠭᠡᠪᠴᠢᠯᠡᠨ ᠠᠬᠢᠭᠤᠯᠵᠤ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ | ᠶᠢ ᠪᠡᠶᠡᠯᠡᠭᠦᠯᠬᠦ ᠳᠤ ᠥᠷᠭᠡᠨ ᠠᠭᠤᠳᠠᠮ ᠠᠯᠤᠰ ᠢᠷᠡᠭᠡᠳᠦᠢ ᠶᠢ ᠡᠬᠢᠯᠡᠬᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ |