ᠰᠢ ᠶᠢᠨ ᠫᠢᠩ ᠱᠠᠨ ᠰᠢ ᠶᠢᠨ ᠶᠠᠩ ᠴᠢᠤᠸᠠᠨ ᠬᠤᠳᠠ ᠳᠤ ᠶᠠᠫᠤᠨ ᠢ ᠡᠰᠡᠷᠭᠦᠴᠡᠭᠰᠡᠨ‌‍ᠲ᠋ᠠᠶᠢᠨ ᠳᠤ ᠦᠷᠡᠭᠳᠡᠭᠰᠡᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠭᠰᠡᠨ ᠪᠥᠭᠡᠳ ᠵᠠᠭᠤᠨ ᠬᠤᠷᠢᠶ᠎ᠠ ᠴᠡᠷᠢᠭ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠢ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2025/7/8
      7 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠱᠠᠨ ᠰᠢ ᠮᠤᠵᠢ ᠶᠢᠨ ᠶᠠᠩ ᠴᠢᠤᠸᠠᠨ ᠬᠤᠳᠠ ᠳᠤ ᠰᠢᠨᠵᠢᠯᠡᠨ ᠪᠠᠶᠢᠴᠠᠭᠠᠯᠲᠠ ᠬᠢᠪᠡ᠃ ᠲᠡᠷᠡ ᠵᠠᠭᠤᠨ ᠬᠤᠷᠢᠶ᠎ᠠ ᠴᠡᠷᠢᠭ ᠤᠨ ᠳᠠᠶᠢᠯᠠᠯᠳᠤᠭᠠᠨ ᠤ ᠳᠤᠷᠠᠰᠬᠠᠯ ᠤᠨ ᠬᠥᠰᠢᠶ᠎ᠡ ᠶᠢᠨ ᠠᠭᠤᠳᠠᠮ ᠲᠠᠯᠠᠪᠠᠢ ᠳᠤ ᠬᠦᠷᠴᠦ᠂ ᠵᠠᠭᠤᠨ ᠬᠤᠷᠢᠶ᠎ᠠ ᠴᠡᠷᠢᠭ ᠤᠨ ᠳᠠᠶᠢᠯᠠᠯᠳᠤᠭᠠᠨ ᠳᠤ ᠦᠷᠡᠭᠳᠡᠭᠰᠡᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠵᠦ᠂ ᠵᠠᠭᠤᠨ ᠬᠤᠷᠢᠶ᠎ᠠ ᠴᠡᠷᠢᠭ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠢᠶᠠᠷ ᠲᠣᠭᠤᠷᠢᠨ ᠦᠵᠡᠵᠦ᠂ ᠶᠠᠫᠤᠨ ᠢ ᠡᠰᠡᠷᠭᠦᠴᠡᠭᠰᠡᠨ ᠲᠠᠶᠢᠶᠢᠨ ᠳᠤ ᠦᠷᠡᠭᠳᠡᠭᠰᠡᠨ ᠪᠠᠭᠠᠲᠤᠷᠴᠤᠳ ᠤᠨ ᠪᠠᠭᠠᠲᠤᠷᠯᠢᠭ ᠦᠢᠯᠡ ᠠᠵᠢᠯᠯᠠᠭ᠎ᠠ ᠶᠢ ᠳᠤᠷᠠᠰᠤᠨ ᠰᠠᠨᠠᠭᠠᠯᠵᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠶᠠᠫᠤᠨ ᠢ ᠡᠰᠡᠷᠭᠦᠴᠡᠬᠦ ᠴᠡᠷᠢᠭ ᠠᠷᠠᠳ ᠬᠠᠷᠭᠢᠰ ᠳᠠᠶᠢᠰᠤᠨ ᠢ ᠬᠠᠮᠲᠤ ᠪᠠᠷ ᠬᠤᠷᠣᠰᠤᠨ᠂ ᠭᠠᠳᠠᠭᠠᠳᠤ ᠶᠢᠨ ᠳᠣᠷᠣᠮᠵᠢᠯᠠᠯ ᠢ ᠵᠣᠷᠢᠭᠲᠠᠢ ᠪᠠᠷ ᠡᠰᠡᠷᠭᠦᠴᠡᠭᠰᠡᠨ ᠭᠡᠷᠡᠯ ᠰᠠᠴᠤᠷᠠᠩᠭᠤᠢ ᠲᠡᠦᠬᠡ ᠶᠢ ᠳᠠᠬᠢᠨᠲᠠ ᠡᠷᠭᠢᠴᠡᠭᠦᠯᠵᠦ᠂ ᠲᠤᠬᠠᠢ ᠶᠢᠨ ᠭᠠᠵᠠᠷ ᠤᠨ ᠬᠤᠪᠢᠰᠬᠠᠯ ᠤᠨ ᠲᠡᠦᠬᠡ ᠶᠢᠨ ᠬᠥᠮᠦᠵᠢᠯ ᠢ ᠥᠷᠨᠢᠭᠦᠯᠦᠭᠰᠡᠨ᠂ ᠶᠠᠫᠤᠨ ᠢ ᠡᠰᠡᠷᠭᠦᠴᠡᠭᠰᠡᠨ ᠠᠭᠤᠤ ᠶᠡᠭᠡ ᠲᠠᠶᠢᠶᠢᠨ ᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠤᠭᠰᠠᠨ ᠵᠡᠷᠭᠡ ᠪᠠᠶᠢᠳᠠᠯ ᠤᠳ ᠢ ᠣᠶᠢᠯᠠᠭᠠᠪᠠ᠃
e2586ce2-7c34-47b0-b354-22cf49c6cdc2_纪念1.jpg
adc287fa-bd01-49a4-a5c2-41d1e745aff3_纪念2.jpg
35d293f1-7ca7-4fbc-8979-27e8ab5bb216_纪念3.jpg
fb901605-0a53-43a4-9b00-818acbe788b5_纪念4.jpg
67047afd-558b-4e25-8c3d-ba7546a16680_纪念5.jpg
35e411ff-b1ba-449d-aa79-40e8ffff3499_纪念6.jpg
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号