ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠤᠨ ᠨᠠᠶᠢᠳᠠᠯᠭ᠎ᠠ ᠪᠠᠷ 7 ᠰᠠᠷ᠎ᠠ ᠶᠢᠨ 8 ᠤ | ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠬᠤ ᠲᠤᠰᠬᠠᠶ ᠰᠡᠳᠦᠪᠲᠦ ᠬᠤᠷᠠᠯ ᠢ ᠡᠷᠭᠢᠯᠡᠨ | ᠬᠤᠷᠠᠯᠳᠤᠭᠤᠯᠵᠤ᠂ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠲᠤᠬᠠᠶ ᠴᠢᠬᠤᠯᠠ ᠵᠢᠭᠠᠪᠤᠷᠢ ᠱᠠᠭᠠᠷᠳᠠᠯᠭ᠎ᠠ ᠵᠢᠴᠢ ᠨᠠᠮ ᠤᠨ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠪᠠᠶᠢᠳᠠᠯ ᠢ ᠮᠡᠳᠡᠭᠳᠡᠵᠦ᠂ | ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠣᠯ ᠲᠥᠪ | ᠴᠢᠩᠭ᠎ᠠ ᠤᠯᠤᠰ ᠲᠥᠷᠥ ᠶᠢᠨ ᠡᠭᠦᠷᠭᠡ ᠮᠥᠨ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ᠂ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠶᠢᠨ ᠤᠯᠤᠰ ᠲᠥᠷᠥ ᠶᠢᠨ ᠠᠴᠢ ᠬᠤᠯᠪᠣᠭᠳᠠᠯ᠂ | ᠪᠣᠳᠠᠲᠤ ᠠᠴᠢ ᠬᠤᠯᠪᠣᠭᠳᠠᠯ ᠪᠠ ᠦᠢᠯᠡᠳᠦᠯᠭᠡ ᠶᠢᠨ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ︽ᠬᠤᠶᠠᠷ ᠢ | ᠲᠣᠭᠲᠠᠭᠠᠬᠤ︾ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢ ᠠᠵᠢᠯᠯᠠᠭ᠎ᠠ ᠳᠡᠭᠡᠷ᠎ᠡ ᠪᠠᠨ | ᠢᠯᠡᠷᠡᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠲᠥᠪ ᠴᠢᠩᠭ᠎ᠠ ᠤᠯᠤᠰ ᠲᠥᠷᠥ ᠶᠢᠨ | ᠣᠪᠣᠷ ᠢᠶᠠᠷ ᠠᠰᠠᠭᠤᠳᠠᠯ ᠢ ᠡᠷᠡᠰ ᠲᠦᠢᠯᠪᠤᠷᠢᠲᠠᠶ ᠥᠭᠡᠷᠡᠴᠢᠯᠡᠵᠦ᠂ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ | ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ | ᠵᠡᠷᠭᠡ ᠪᠠᠷ ᠵᠠᠰᠠᠬᠤ ᠶᠢ ᠭᠦᠨᠵᠡᠭᠡᠶᠢᠷᠡᠭᠦᠯᠦᠨ᠂ ᠠᠰᠠᠭᠤᠳᠠᠯ ᠢ ᠨᠢᠭᠡᠳ ᠨᠢᠭᠡ ᠪᠠᠷ ︽ᠰᠢᠭᠰᠢᠨ ᠪᠠᠶᠢᠴᠠᠭᠠᠬᠤ︾᠂ | ᠵᠤᠷᠪᠤᠰ ᠳᠠᠷᠠᠭᠠᠯᠠᠨ ︽ᠲᠠᠩᠰᠠ ᠬᠠᠷᠭᠤᠭᠤᠯᠵᠤ ᠳ᠋ᠤᠭᠠᠷ ᠬᠠᠰᠤᠬᠤ︾ ᠶᠢ ᠪᠡᠶᠡᠯᠡᠭᠦᠯᠵᠦ᠂ ᠡᠭᠦᠷᠭᠡ ᠶᠢᠨ ᠨᠠᠷᠢᠨ | ᠲᠠᠩᠰᠠᠴᠢᠯᠠᠯᠲᠠ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠵᠠᠩᠭᠢᠯᠠᠭ᠎ᠠ ᠶᠢᠨ ᠴᠡᠭ ᠢ ᠨᠠᠶᠢᠳᠠᠪᠤᠷᠢᠵᠢᠭᠤᠯᠬᠤ᠂ | ᠦᠷ᠎ᠡ ᠪᠦᠲᠦᠮᠵᠢ ᠶᠢ ᠬᠡᠮᠵᠢᠶᠡᠵᠢᠭᠦᠯᠵᠦ ᠪᠣᠯᠬᠤ ᠶᠢ ᠪᠡᠶᠡᠯᠡᠭᠦᠯᠬᠦ ᠬᠡᠷᠡᠭᠲᠡᠢ︔ ︽ᠣᠳᠣᠬᠠᠨ ᠳᠤ ᠥᠭᠡᠷᠡᠴᠢᠯᠡᠬᠦ︾ | ᠪᠠ ︽ᠣᠷᠳᠣ ᠬᠤᠭᠤᠴᠠᠭ᠎ᠠ ᠪᠠᠷ ᠪᠠᠶᠢᠭᠤᠯᠬᠤ︾ ᠶᠢ ᠣᠷᠭᠠᠨᠢᠭ ᠢᠶᠠᠷ ᠤᠶᠠᠯᠳᠤᠭᠤᠯᠵᠤ᠂ ᠲᠣᠭᠤᠷᠢᠨ | ᠪᠠᠶᠢᠴᠠᠭᠠᠭᠰᠠᠨ ᠦᠷ᠎ᠡ ᠪᠦᠲᠦᠭᠡᠯ ᠢ ᠦᠨᠡᠨ ᠬᠦ ᠲᠦᠷᠢᠮ ᠤᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠣᠷᠳᠣ | ᠬᠤᠭᠤᠴᠠᠭ᠎ᠠ ᠪᠠᠷ ᠴᠡᠭᠴᠡᠯᠡᠨ ᠰᠠᠶᠢᠵᠢᠷᠠᠭᠤᠯᠵᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠥᠭᠡᠳ ᠲᠤᠰᠠᠲᠠᠶ | ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠡᠭᠡᠳᠦ ᠳᠤᠤᠷᠠᠳᠤ | ᠱᠠᠲᠤ ᠪᠠᠷ ᠢᠶᠠᠨ ᠬᠠᠮᠵᠢᠯᠴᠠᠬᠤ ᠶᠢ ᠴᠢᠬᠤᠯᠠᠴᠢᠯᠠᠨ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ | ᠪᠣᠶ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ︽ᠨᠢᠭᠡ ᠱᠤᠭᠤᠮ︾ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠲᠣᠭᠲᠠᠴᠠ ᠶᠢ ᠴᠢᠩᠭ᠎ᠠ ᠬᠡᠷᠡᠭᠵᠢᠭᠦᠯᠦᠨ᠂ ᠱᠠᠲᠤ ᠱᠠᠲᠤ ᠪᠠᠷ ᠳᠠᠷᠤᠯᠲᠠ ᠥᠭᠴᠦ᠂ ᠬᠠᠮᠵᠢᠯᠴᠠᠨ ᠬᠠᠮᠵᠢᠯᠴᠠᠬᠤ ᠪᠠᠨ | ᠴᠢᠩᠭᠠᠳᠬᠠᠨ᠂ ᠮᠥᠷᠳᠡᠨ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ | ᠠᠵᠢᠯ ᠤᠨ ᠪᠣᠳᠠᠲᠠᠶ ᠦᠷ᠎ᠡ ᠪᠦᠲᠦᠮᠵᠢ ᠪᠠᠷ ᠥᠭᠡᠷᠡᠴᠢᠯᠡᠯᠲᠡ ᠶᠢ ᠠᠬᠢᠭᠤᠯᠤᠨ᠂ ᠬᠥᠭᠵᠢᠯᠲᠡ ᠶᠢ ᠠᠬᠢᠭᠤᠯᠬᠤ | ᠬᠡᠷᠡᠭᠲᠡᠶ᠃ | ᠬᠤᠷᠠᠯ ᠠᠴᠠ ᠪᠠᠰᠠ ᠤᠢᠢᠷ᠎ᠠ ᠶᠢᠨ ᠬᠤᠭᠤᠴᠠᠭᠠᠨ ᠤ ᠠᠵᠤ ᠠᠬᠤᠢ ᠶᠢᠨ ᠠᠵᠢᠯᠯᠠᠭᠠᠨ᠂ ᠴᠢᠬᠤᠯᠠ ᠶᠡᠭᠡ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠶᠤᠯᠭᠦᠢ | ᠦᠢᠯᠡᠳᠪᠦᠷᠢᠯᠡᠯ ᠵᠡᠷᠭᠡ ᠠᠵᠢᠯ ᠳᠤ ᠲᠤᠬᠢᠷᠠᠭᠤᠯᠤᠯᠳᠠ ᠬᠢᠪᠠ᠃ |