ᠳᠠᠷᠬᠠᠨ  ᠮᠤᠩᠭᠤᠯ ᠠᠳᠤᠭᠤᠨ ᠤ ᠡᠭᠦᠯᠳᠡᠷ ᠬᠠᠮᠠᠭᠠᠯᠠᠬᠤ ︵ᠥᠷᠭᠡᠳᠭᠡᠨ ᠦᠷᠡᠵᠢᠭᠦᠯᠬᠦ ︶ ᠰᠠᠭᠤᠷᠢᠨ ᠭᠠᠵᠠᠷ ᠠᠩᠬᠠᠨ ᠤ ᠰᠠᠭᠤᠯᠭ᠎ᠠ  ᠰᠦ ᠪᠠᠨ ᠰᠠᠭᠠᠪᠠ
ᠨᠡᠶᠢᠲᠡᠯᠡᠭᠰᠡᠨ ᠴᠠᠭ᠄
2025/7/9
      ᠤᠶᠢᠷ᠎ᠠ ᠳᠤ᠂ ᠳᠠᠷᠬᠠᠨ ᠮᠤᠩᠭᠤᠯ  ᠠᠳᠤᠭᠤᠨ ᠤ ᠡᠭᠦᠯᠳᠡᠷ ᠬᠠᠮᠠᠭᠠᠯᠠᠬᠤ ︵ᠥᠷᠭᠡᠳᠭᠡᠨ ᠦᠷᠡᠵᠢᠭᠦᠯᠬᠦ︶ ᠰᠠᠭᠤᠷᠢᠨ ᠭᠠᠵᠠᠷ ᠠᠴᠠ ᠰᠠᠶᠢᠨ ᠴᠢᠮᠡᠭᠡ ᠤᠯᠠᠮᠵᠢᠯᠠᠭᠳᠠᠨ ᠢᠷᠡᠵᠦ᠂ ᠲᠤᠰ ᠰᠠᠭᠤᠷᠢᠨ ᠭᠠᠵᠠᠷ ᠤᠨ ᠲᠡᠵᠢᠭᠡᠨ ᠦᠷᠡᠵᠢᠭᠦᠯᠦᠭᠰᠡᠨ ᠴᠤᠬᠤᠷ ᠭᠡᠭᠦᠦ ᠠᠴᠠ ᠠᠩᠬᠠᠨ ᠤ ᠰᠠᠭᠤᠯᠭ᠎ᠠ ᠰᠢᠨ᠎ᠡ ᠰᠤᠷᠭᠤᠭ ᠰᠦ ᠰᠠᠭᠠᠵᠤ᠂ ᠳᠠᠷᠬᠠᠨ ᠰᠤᠮᠤ ᠶᠢᠨ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠶᠢ ᠥᠷᠭᠡᠳᠬᠡᠨ ᠦᠷᠡᠵᠢᠭᠦᠯᠬᠦ ᠰᠠᠭᠤᠷᠢᠨ ᠭᠠᠵᠠᠷ ᠤᠨ ᠥᠷᠨᠢᠨ ᠬᠥᠭᠵᠢᠭᠰᠡᠨ ᠰᠠᠶᠢᠨ ᠰᠠᠶᠢᠬᠠᠨ ᠪᠠᠶᠢᠳᠠᠯ ᠢ ᠬᠠᠷᠠᠭᠤᠯᠤᠭᠰᠠᠨ ᠪᠠᠶᠢᠨ᠎ᠠ᠂ ᠡᠨᠡ ᠨᠢ ᠳᠠᠷᠬᠠᠨ ᠰᠤᠮᠤ ᠠᠳᠤᠭᠤᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠲᠠᠯ᠎ᠠ ᠪᠠᠷ ᠶᠡᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃      ᠲᠦᠷᠦᠭᠦᠬᠡᠨ᠂ ᠰᠤᠷᠪᠤᠯᠵᠢᠯᠠᠭᠴᠢ ᠳᠠᠷᠬᠠᠨ ᠮᠤᠩᠭᠤᠯ ᠠᠳᠤᠭᠤᠨ ᠤ ᠦᠷ᠎ᠡ ᠬᠠᠮᠠᠭᠠᠯᠠᠬᠤ ︵ᠥᠷᠭᠡᠳᠭᠡᠨ ᠦᠷᠡᠵᠢᠭᠦᠯᠬᠦ︶ ᠰᠠᠭᠤᠷᠢᠨ ᠭᠠᠵᠠᠷ ᠲᠤ ᠢᠷᠡᠬᠦ ᠳᠤ᠂  ᠠᠵᠢᠯᠳᠠᠳ ᠤᠷᠢᠳ ᠢᠶᠠᠷ ᠤᠨᠠᠭ᠎ᠠ ᠤᠷᠭᠠᠯᠠᠬᠤ ᠪᠣᠯᠪᠠᠰᠤᠷᠠᠯ ᠬᠢᠵᠦ᠂ ᠳᠠᠷᠠᠭ᠎ᠠ ᠳᠤᠨᠢ ᠠᠵᠢᠯ ᠬᠤᠪᠢᠶᠠᠨ ᠬᠠᠮᠲᠤᠷᠠᠯᠴᠠᠵᠤ᠂ ᠭᠡᠭᠦᠦ  ᠶᠢ ᠨᠤᠮᠤᠳᠬᠠᠨ ᠲᠤᠰᠢᠵᠤ᠂  ᠲᠠᠬᠢᠨ  ᠰᠦ ᠰᠠᠭᠠᠵᠤ ᠦᠢᠯᠡᠳᠪᠦᠷᠢᠯᠡᠯ ᠤᠨ ᠲᠠᠰᠤᠭ ᠲᠤ ᠭᠦᠷᠭᠡᠨ ᠴᠡᠭᠡ ᠬᠢᠪᠡ᠃       ᠣᠶᠢᠯᠠᠭᠠᠭᠰᠠᠨ ᠢᠶᠠᠷ᠂ 2024 ᠣᠨ ᠤ 4 ᠰᠠᠷ᠎ᠠ ᠳᠤ᠂ ᠳᠠᠷᠬᠠᠨ ᠰᠤᠮᠤ  ᠴᠠᠭᠠᠬᠤᠪᠤᠭ᠎ᠠ ᠭᠠᠴᠠᠭᠠᠨ ᠤ ᠬᠠᠮᠲᠤ ᠶᠢᠨ ᠰᠤᠯᠠ ᠪᠠᠶᠢᠬᠤ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠪᠠᠷ ᠳᠠᠮᠵᠢᠭᠤᠯᠤᠨ᠂ 2.2 ᠲᠦᠮᠡᠨ ᠲᠡᠭᠰᠢ ᠳᠥᠷᠪᠡᠯᠵᠢᠨ ᠮᠧᠲᠷ ᠤᠨ ᠴᠢᠳᠠᠮᠵᠢ ᠲᠠᠢ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠵᠤ᠂ 3300 ᠭᠠᠷᠤᠶ ᠮᠥ ᠬᠠᠮᠲᠤ ᠶᠢᠨ ᠬᠠᠳᠤᠯᠠᠩ ᠪᠡᠯᠴᠢᠭᠡᠷ ᠲᠠᠢ ᠤᠶᠠᠯᠳᠤᠭᠤᠯᠤᠨ᠂ 27 ᠡᠷᠦᠬᠡ ᠮᠠᠯᠴᠢᠳ ᠢ ᠵᠣᠬᠢᠶᠠᠨ ᠪᠠᠶᠢᠭᠤᠯᠵᠤ 32 ᠲᠦᠮᠡᠨ ᠲᠥᠭᠦᠷᠢᠭ ᠤᠨ ᠪᠠᠯᠠ ᠮᠥᠩᠭᠦ ᠭᠠᠷᠭᠠᠵᠤ᠂ 1656 ᠮᠣᠩᠭᠤᠯ ᠠᠳᠤᠭᠤ ᠪᠠᠷ ᠬᠤᠪᠢ ᠣᠷᠣᠭᠤᠯᠤᠭᠰᠠᠨ ᠬᠤᠷᠰᠢᠶ᠎ᠠ ᠨᠢ ᠨᠢᠭᠡᠳᠦᠯᠲᠡᠶ 26 ᠮᠣᠩᠭᠤᠯ ᠴᠤᠬᠤᠷ ᠠᠳᠤᠭᠤ ᠬᠤᠳᠠᠯᠳᠤᠨ ᠠᠪᠴᠤ᠂ ᠳᠠᠷᠬᠠᠨ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ︵ᠥᠷᠭᠡᠳᠭᠡᠨ ᠦᠷᠡᠵᠢᠭᠦᠯᠬᠦ︶ ᠰᠠᠭᠤᠷᠢᠨ ᠭᠠᠵᠠᠷ ᠪᠠᠶᠢᠭᠤᠯᠤᠨ᠂ ᠴᠠᠭᠠᠨ ᠤᠪᠤᠭ᠎ᠠ ᠭᠠᠴᠠᠭᠠᠨ ᠤ ᠨᠠᠮ ᠤᠨ ᠡᠭᠦᠷ ᠤᠨ ᠳᠠᠭᠠᠭᠤᠯᠤᠭᠰᠠᠨ ᠮᠠᠯᠴᠢᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠠᠴᠠ ᠪᠣᠳᠠᠲᠠᠶ ᠡᠵᠡᠩᠨᠡᠯᠲᠡ ᠬᠢᠵᠦ᠂ ᠮᠣᠩᠭᠤᠯ ᠠᠳᠤᠭᠤ ᠲᠡᠵᠢᠭᠡᠨ ᠦᠷᠡᠵᠢᠭᠦᠯᠵᠦ᠂ ᠡᠭᠦᠯᠳᠡᠷ ᠬᠠᠮᠠᠭᠠᠯᠠᠬᠤ᠂ ᠦᠷᠡᠵᠢᠬᠦᠯᠦᠨ ᠪᠤᠶᠢᠵᠢᠭᠤᠯᠬᠤ ᠶᠢᠨ ᠬᠠᠮᠳᠤ ᠠᠳᠤᠭᠤᠨ ᠤ ᠦᠢᠯᠡᠰ ᠤᠨ ᠭᠡᠯᠬᠢᠶ᠎ᠡ ᠶᠢ ᠮᠤᠷᠢ ᠤᠷᠤᠯᠳᠤᠬᠤ᠂  ᠵᠢᠭᠤᠯᠴᠢᠯᠠᠯ᠂  ᠰᠤᠳᠤᠯᠤᠨ ᠰᠤᠷᠤᠯᠴᠠᠬᠤ ᠵᠡᠷᠭᠡ ᠬᠦᠷᠢᠶ᠎ᠡ ᠴᠠᠷᠠᠭ᠎ᠠ ᠳᠤ ᠬᠦᠷᠳᠡᠯ᠎ᠡ  ᠤᠷᠲᠤᠳᠬᠠᠵᠠᠶ᠃ ᠂      ︽ᠲᠣᠰ ᠤᠳᠠᠭᠠᠨ ᠤ ᠴᠡᠭᠡ ᠶᠢ ᠠᠮᠵᠢᠯᠲᠠ ᠲᠠᠢ  ᠦᠢᠯᠡᠳᠪᠦᠷᠢᠯᠡᠭᠰᠡᠨ ᠨᠢ ᠳᠠᠷᠬᠠᠨ ᠮᠠᠯᠴᠢᠳ ᠤᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠠᠴᠠ ᠠᠳᠤᠭᠤᠨ ᠤ ᠠᠵᠤ ᠦᠢᠯᠡᠰ ᠤᠨ ᠬᠡᠯᠬᠢᠶ᠎ᠡ ᠳᠠᠰᠢ ᠦᠷᠭᠦᠯᠵᠢᠯᠡᠨ ᠨᠢᠭᠡ ᠠᠯᠬᠤᠮ ᠤᠷᠤᠭᠰᠢᠯᠠᠭᠰᠠᠨ ᠢ ᠬᠠᠷᠠᠭᠤᠯᠵᠤ ᠪᠠᠶᠢᠨ᠎ᠠ᠂ ᠡᠨᠡ ᠨᠢ ᠳᠠᠷᠬᠠᠨ ᠰᠤᠮᠤ ᠶᠢᠨ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠨ ᠦᠷᠡᠵᠢᠭᠦᠯᠬᠦ ᠰᠠᠭᠤᠷᠢᠨ ᠭᠠᠵᠠᠷ ᠤᠨ ᠥᠷᠨᠢᠨ ᠬᠥᠭᠵᠢᠬᠦ ᠰᠠᠶᠢᠨ ᠰᠠᠶᠢᠬᠠᠨ ᠪᠠᠶᠢᠳᠠᠯ ᠢ ᠢᠯᠡᠷᠡᠭᠦᠯᠦᠭᠰᠡᠨ ᠪᠥᠭᠡᠳ ᠥᠷᠭᠡᠨ ᠣᠯᠠᠨ ᠮᠠᠯᠴᠢᠳ ᠤᠨ ᠢᠲᠡᠭᠡᠯ ᠵᠣᠷᠢᠭ ᠢ ᠪᠦᠲᠦᠮᠵᠢᠲᠡᠶ ᠨᠡᠮᠡᠭᠳᠡᠭᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠣᠨᠴᠠᠯᠢᠭᠲᠤ ᠠᠳᠤᠭᠤᠨ ᠤ ᠠᠵᠤ ᠦᠢᠯᠡᠰ ᠢ ᠬᠥᠭᠵᠢᠭᠦᠯᠬᠦ᠂ ᠮᠠᠯᠴᠢᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠢᠲᠡᠭᠡᠯ ᠵᠣᠷᠢᠭ ᠢ  ᠨᠢ ᠦᠷᠭᠦᠯᠵᠢᠯᠡᠨ ᠪᠠᠲᠤᠳᠬᠠᠵᠤ᠂ ᠲᠠᠷᠬᠠᠨ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ᠠᠳᠤᠭᠤᠨ ᠤ ᠠᠵᠤ ᠦᠢᠯᠡᠰ ᠢᠶᠠᠷ ᠭᠠᠷᠳᠠᠴᠠ ᠪᠣᠯᠭᠠᠵᠤ᠂ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠮᠠᠨᠳᠤᠭᠤᠯᠬᠤ ᠰᠠᠶᠢᠨ ᠵᠠᠮ ᠢ ᠨᠡᠭᠡᠭᠡᠨ᠎ᠡ︾  ᠭᠡᠵᠦ ᠳᠠᠷᠬᠠᠨ ᠰᠤᠮᠤ ᠶᠢᠨ ᠴᠠᠭᠠᠬᠤᠪᠤᠭ᠎ᠠ ᠭᠠᠴᠠᠭᠠᠨ ᠤ ᠨᠠᠮ ᠤᠨ ᠡᠭᠦᠷ ᠤᠨ ᠱᠦᠵᠢ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠮᠠᠯᠴᠢᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠶᠢᠨ ᠬᠡᠷᠡᠭ ᠡᠷᠬᠢᠯᠡᠭᠴᠢ ᠶᠢᠨ ᠳᠠᠷᠤᠭ᠎ᠠ  ᠪᠠᠳᠮᠠᠽᠣᠸ᠎ᠠ ᠬᠡᠯᠡᠪᠡ᠃      ᠳᠠᠷᠬᠠᠨ ᠰᠤᠮᠤ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ ᠶᠢᠨ ᠳᠠᠷᠤᠭ᠎ᠠ ᠪᠠᠲᠤᠪᠠᠶᠠᠷ ᠢᠯᠡᠷᠬᠡᠶᠢᠯᠡᠬᠦ ᠳᠡᠭᠡᠨ᠂ ᠡᠨᠡ ᠵᠢᠯ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ︵ᠥᠷᠭᠡᠳᠭᠡᠨ ᠦᠷᠡᠵᠢᠭᠦᠯᠬᠦ︶ ᠰᠠᠭᠤᠷᠢᠨ ᠭᠠᠵᠠᠷ ᠠᠩᠬᠠᠳᠠᠭᠴᠢ ᠰᠠᠭᠤᠯᠭ᠎ᠠ ᠰᠢᠨ᠎ᠡ ᠰᠤᠷᠭᠤᠭ ᠰᠦ ᠪᠠᠨ ᠰᠠᠭᠠᠵᠤ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠩᠬᠠᠳᠠᠭᠴᠢ ᠪᠦᠯᠦᠭ ᠳ᠋ᠣᠺᠲ᠋ᠣᠷᠠᠨᠲ ᠰᠠᠭᠤᠷᠢᠨ ᠭᠠᠵᠠᠷ ᠲᠤ  ᠤᠷᠤᠨ᠂ ᠰᠠᠭᠤᠷᠢᠨ ᠭᠠᠵᠠᠷ ᠤᠨ ᠰᠠᠶᠢᠨ ᠰᠠᠶᠢᠬᠠᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠠᠷᠬᠠᠨ‌‍ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠮᠣᠩᠭᠤᠯ ᠮᠣᠷᠢᠨ ᠤ ᠡᠭᠦᠯᠳᠡᠷ ᠢ ᠬᠠᠮᠠᠭᠠᠯᠠᠨ ᠦᠷᠡᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ᠂ ᠲᠥᠷᠥᠯ ᠵᠦᠢᠯ ᠢᠶᠠᠷ ᠳᠠᠮᠵᠢᠭᠤᠯᠤᠨ ᠰᠠᠭᠤᠷᠢᠨ ᠭᠠᠵᠠᠷ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠵᠦ᠂ ᠡᠭᠦᠨ ᠤ ᠤᠯᠠᠮ ᠠᠴᠠ ᠬᠠᠮᠲᠤ ᠶᠢᠨ ᠠᠵᠤ ᠠᠬᠤᠶ ᠶᠢ ᠳᠠᠶᠢᠴᠢᠯᠠᠨ ᠪᠤᠵᠠᠭᠠᠶᠢᠷᠠᠭᠤᠯᠵᠤ᠂ ᠮᠠᠯᠴᠢᠳ ᠤᠨ ᠠᠰᠢᠭ ᠣᠷᠣᠯᠭ᠎ᠠ ᠶᠢ ᠳᠡᠭᠡᠭᠰᠢᠯᠡᠭᠦᠯᠦᠨ᠎ᠡ ᠭᠡᠵᠠᠢ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号