ᠪᠥᠬᠦ ᠬᠤᠰᠢᠭᠤᠨ ᠤ ᠥᠷᠭᠡᠨ ᠣᠯᠠᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠳᠤ ᠢᠯᠡᠭᠡᠭᠰᠡᠨ ᠨᠢᠭᠡ ᠬᠤᠪᠢ ᠵᠠᠬᠢᠳᠠᠯ
ᠨᠡᠶᠢᠲᠡᠯᠡᠭᠰᠡᠨ ᠴᠠᠭ᠄
2025/7/9
ᠬᠦᠨᠳᠦᠲᠦ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ᠄      ᠲᠠ ᠰᠠᠶᠢᠨ ᠤᠤ︖      ᠲᠠ ᠡᠵᠡᠩᠨᠡᠯᠲᠡ ᠶᠢᠨ ᠦᠨᠡᠮᠯᠡᠯ ᠢᠶᠠᠨ ᠠᠪᠤᠭᠰᠠᠨ ᠤ ᠳᠠᠷᠠᠭ᠎ᠠ᠂ ᠴᠠᠭ ᠲᠤᠬᠠᠢ ᠳᠤᠨᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠭᠠᠶᠢᠯᠢ ᠶᠢᠨ ᠶᠠᠪᠤᠳᠠᠯ ᠤᠨ ᠮᠡᠳᠡᠭᠡ ᠵᠠᠩᠭᠢ ᠶᠢᠨ ᠨᠤᠲᠠᠯᠠᠯᠲᠠ ᠬᠢᠬᠦ ᠬᠡᠷᠡᠭᠲᠡᠢ᠃      ᠲᠠ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢᠶᠠᠨ ᠠᠪᠴᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ  ᠬᠦᠢᠴᠡᠳᠭᠡᠬᠦ ᠦᠢᠯᠡᠴᠢᠯᠡᠭᠡᠨ ᠤ ᠲᠢᠩᠬᠢᠮ ᠳᠤ ᠬᠦᠷᠴᠦ ᠬᠦᠢᠴᠡᠳᠬᠡᠵᠦ ᠪᠣᠯᠤᠨ᠎ᠠ᠂ ᠪᠠᠰᠠ ᠪᠥᠬᠦ ᠤᠯᠤᠰ ᠤᠨ ᠨᠢᠭᠡᠳᠦᠯᠲᠡᠶ ᠵᠢᠷᠤᠮᠵᠢᠭᠰᠠᠨ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ᠰᠢᠭᠤᠳ ᠭᠠᠷᠴᠤ ᠰᠦᠯᠵᠢᠶᠡᠨ ᠳᠡᠭᠡᠷ᠎ᠡ ᠬᠦᠢᠴᠡᠳᠬᠡᠵᠦ  ᠪᠣᠯᠤᠨ᠎ᠠ᠃ ︵ᠠᠵᠢᠯ ᠤᠨ ᠶᠠᠪᠤᠴᠠ ᠨᠢ ᠳᠣᠣᠷᠠᠬᠢ ᠵᠢᠷᠤᠭ ᠢ ᠦᠵᠡ︶      ᠬᠡᠷᠪᠡ ᠮᠠᠳᠠᠭ ᠲᠠᠢ ᠪᠣᠯ ᠭᠠᠶᠢᠯᠢ ᠲᠤᠰᠢᠶᠠᠬᠤ ᠦᠢᠯᠡᠴᠢᠯᠡᠭᠡᠨ ᠤ ᠬᠠᠯᠠᠮᠰᠢᠯ ᠤᠲᠠᠰᠤ  0472 - 8312366 ᠪᠤᠶᠤ ᠡᠰᠡᠬᠦᠯ᠎ᠡ 0472 - 8423856 ᠶᠢ ᠤᠲᠠᠰᠤᠳᠠᠵᠤ᠂ ᠪᠢᠳᠡ ᠲᠠᠨ ᠳᠤ ᠬᠠᠪᠰᠤᠷᠤᠨ ᠵᠢᠯᠣᠭᠤᠳᠴᠤ ᠦᠭᠬᠦᠨ᠎ᠡ᠃ ᠬᠠᠤᠯᠢ ᠶᠣᠰᠣᠭᠠᠷ ᠭᠠᠶᠢᠯᠢ ᠲᠤᠰᠢᠶᠠᠬᠤ ᠪᠣᠯ ᠠᠷᠠᠳ ᠢᠷᠭᠡᠨ ᠨᠢᠭᠡᠪᠦᠷᠢ  ᠪᠠ ᠠᠵᠤ ᠠᠬᠤᠶᠢᠯᠠᠯ ᠤᠨ ᠡᠭᠦᠷᠭᠡ ᠮᠥᠨ᠂ ᠭᠠᠶᠢᠯᠢ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠳᠤ ᠢᠳᠡᠪᠬᠢᠲᠡᠶ ᠬᠠᠮᠵᠢᠯᠴᠠᠵᠤ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠵᠢᠷᠤᠮ ᠢ ᠬᠠᠮᠲᠤ ᠪᠠᠷ ᠬᠠᠮᠠᠭᠠᠯᠠᠬᠤ ᠬᠡᠷᠡᠭᠲᠡᠶ᠃      ᠬᠠᠯᠠᠭᠤᠨ ᠳᠣᠲᠣᠨᠣ ᠰᠠᠨᠠᠭᠤᠯᠤᠮᠵᠢ᠄ ᠮᠡᠳᠡᠭᠡ ᠵᠠᠩᠭᠢ ᠶᠢ ᠨᠤᠲᠠᠯᠠᠬᠤ ᠶᠢ ᠪᠡᠶᠡᠯᠡᠭᠦᠯᠬᠦ ᠨᠢ ᠠᠯᠢᠪᠠ ᠭᠠᠶᠢᠯᠢ ᠲᠤᠰᠢᠶᠠᠪᠠᠰᠤ ᠵᠣᠬᠢᠬᠤ ᠣᠷᠣᠯᠭ᠎ᠠ ︵ᠭᠠᠶᠢᠯᠢ ᠪᠤᠳᠤᠬᠤ ᠦᠨᠳᠦᠰᠦᠯᠡᠯ︶ ᠨᠢ ᠴᠥᠮ ᠰᠢᠭᠤᠳ ᠪᠦᠬᠦ ᠲᠤᠭ᠎ᠠ ᠪᠠᠷ ᠭᠠᠶᠢᠯᠢ ᠲᠤᠰᠢᠶᠠᠬᠤ ᠶᠢ ᠬᠠᠷᠠᠭᠤᠯᠵᠤ ᠪᠠᠶᠢᠭ᠎ᠠ ᠪᠢᠰᠢ᠂ ᠬᠠᠷᠢᠨ ᠣᠷᠣᠯᠭ᠎ᠠ ᠶᠢᠨ ᠰᠢᠨᠵᠢ ᠴᠢᠨᠠᠷ᠂ ᠬᠢᠷᠢ ᠬᠡᠮᠵᠢᠶ᠎ᠡ᠂ ᠪᠡᠶᠡᠴᠢ ᠴᠣᠭᠴᠠ ᠶᠢᠨ ᠲᠥᠷᠥᠯ ᠬᠡᠯᠪᠡᠷᠢ ᠵᠢᠴᠢ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠶᠢᠨ ᠲᠣᠭᠲᠠᠭᠠᠯ ᠢᠶᠠᠷ ᠲᠣᠭᠲᠠᠭᠠᠨ᠎ᠠ᠃ ᠡᠭᠦᠨ ᠤ ᠬᠠᠮᠲᠤ ᠮᠡᠳᠡᠭᠦᠯᠬᠦ ᠦᠭᠡᠶ ᠪᠣᠯ ᠮᠡᠳᠡᠭᠦᠯᠬᠦ ᠠᠴᠠ ᠬᠡᠯᠳᠡᠷᠢᠬᠦᠯᠬᠦ  ᠪᠢᠰᠢ᠂ ᠪᠤᠳᠠᠳᠠᠢ ᠲᠤᠰᠢᠶᠠᠬᠤ ᠶᠤᠰᠤᠳᠠᠢ ᠭᠠᠶᠢᠯᠢ ᠶᠢᠨ ᠵᠤᠭᠤᠰ ᠦᠬᠡᠢ ᠪᠤᠯ ᠮᠡᠳᠡᠬᠦᠯᠬᠦ ᠠᠴᠠ ᠬᠡᠯᠳᠡᠷᠢᠬᠦᠯᠬᠦ  ᠪᠢᠰᠢ᠃ ᠲᠠ ᠡᠵᠡᠩᠨᠡᠯᠲᠡ ᠶᠢᠨ ᠦᠨᠡᠮᠯᠡᠯ ᠠᠪᠤᠭᠰᠠᠨ ᠤ ᠳᠠᠷᠠᠭ᠎ᠠ᠂ ᠴᠠᠭ ᠲᠤᠬᠠᠶ ᠳᠤᠨᠢ ᠬᠠᠤᠯᠢ ᠲᠣᠭᠲᠠᠭᠠᠯ ᠶᠣᠰᠣᠭᠠᠷ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠭᠠᠶᠢᠯᠢ ᠶᠢᠨ ᠶᠠᠪᠤᠳᠠᠯ ᠤᠨ ᠮᠡᠳᠡᠭᠡ ᠵᠠᠩᠭᠢ ᠶᠢ ᠨᠤᠲᠠᠯᠠᠵᠤ᠂ ᠭᠠᠶᠢᠯᠢ ᠲᠤᠰᠢᠶᠠᠬᠤ ᠶᠢ ᠮᠡᠳᠡᠭᠦᠯᠬᠦ ᠡᠭᠦᠷᠭᠡ ᠪᠠᠨ ᠭᠦᠢᠴᠡᠳᠬᠡᠬᠦ ᠬᠡᠷᠡᠭᠲᠡᠶ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠨ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠭᠠᠶᠢᠯᠢ ᠰᠦᠢᠳᠬᠡᠯ ᠤᠨ ᠦᠢᠯᠡᠴᠢᠯᠡᠭᠡ ᠬᠠᠩᠭᠠᠵᠤ᠂ ᠲᠠᠨ ᠳᠤ ᠭᠠᠶᠢᠯᠢ ᠰᠦᠢᠳᠬᠡᠯ ᠤᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠭᠦᠢᠴᠡᠳ ᠡᠳ᠋ᠯᠡᠭᠦᠯᠵᠦ᠂ ᠲᠠᠨ ᠤ ᠴᠢᠨᠠᠷ ᠰᠠᠶᠢᠲᠠᠶ ᠬᠥᠭᠵᠢᠯᠲᠡ ᠶᠢᠨ ᠠᠶᠠᠯᠠᠯ ᠤᠨ ᠵᠠᠮ ᠳᠡᠭᠡᠷ᠎ᠡ ᠯᠠᠪᠳᠠᠭᠤᠨ ᠢᠶᠠᠷ ᠬᠤᠯᠠ ᠠᠶᠠᠯᠠᠬᠤ ᠳᠤ ᠬᠦᠴᠦᠨ ᠨᠡᠮᠡᠷᠢᠯᠡᠨ᠎ᠡ︕                       ᠤᠯᠤᠰ ᠤᠨ ᠭᠠᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ             ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ               2025 ᠣᠨ ᠤ 7 ᠰᠠᠷ᠎ᠠ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号